ᠢᠨᠲ᠋ᠧᠷᠨᠡᠲ᠂ ᠴᠠᠬᠢᠮ ᠲᠧᠭᠨᠣᠯᠣᠭᠢ᠂ ᠨᠡᠶᠢᠭᠡᠮ ᠤᠨ ᠮᠡᠳᠡᠭᠡᠯᠡᠯ ᠤᠨ ᠰᠦᠯᠵᠢᠶ᠎ᠡ᠂ ᠭᠠᠷ ᠤᠲᠠᠰᠤ᠂ ᠵᠥᠭᠡᠭᠡᠪᠦᠷᠢ ᠊ᠢᠢᠨ ᠥᠨᠳᠦᠷ ᠲᠧᠭᠨᠣᠯᠣᠭᠢ ᠊ᠢᠢᠨ ᠲᠥᠬᠦᠭᠡᠷᠦᠮᠵᠢ ᠨᠦᠭᠦᠳ ᠤᠨ ᠬᠡᠲᠦ ᠬᠡᠷᠡᠭᠯᠡᠭᠡ ᠪᠢᠳᠡᠨ ᠊ᠳᠦ ᠡᠶᠡᠷᠡᠭ ᠰᠥᠷᠭᠦ᠂ ᠦᠨᠡᠨ ᠬᠤᠳᠠᠯ ᠮᠡᠳᠡᠭᠡᠯᠡᠯ ᠤᠨ ᠶᠡᠬᠡ ᠲᠡᠰᠡᠷᠦᠯᠲᠡ ᠊ᠢᠢ ᠠᠪᠴᠤ ᠢᠷᠡᠯ᠎ᠡ᠃ ᠮᠡᠳᠡᠭᠡᠯᠡᠯ ᠢ ᠣᠯᠠᠨ ᠡᠬᠡ ᠰᠤᠷᠪᠤᠯᠵᠢ ᠡᠴᠠ ᠬᠦᠯᠢᠶᠡᠨ ᠠᠪᠬᠤ᠂ ᠰᠢᠭᠦᠨ ᠲᠤᠩᠭᠠᠬᠤ᠂ ᠶᠣᠰᠣ ᠵᠦᠢ ᠲᠡᠢ᠂ ᠪᠦᠲᠦᠭᠡᠯᠴᠢ ᠪᠡᠷ ᠬᠡᠷᠡᠭᠯᠡᠬᠦ ᠴᠢᠳᠠᠪᠤᠷᠢ ᠪᠣᠯ ᠬᠤᠪᠢ ᠬᠦᠮᠦᠨ ᠊ᠤ ᠲᠡᠳᠦᠢ ᠦᠭᠡᠢ ᠤᠯᠤᠰ ᠦᠨᠳᠦᠰᠦᠲᠡᠨ ᠊ᠤ ᠬᠥᠭᠵᠢᠨ ᠳᠡᠪᠰᠢᠬᠦ ᠪᠣᠯᠤᠮᠵᠢ᠂ ᠠᠶᠤᠯ ᠦᠭᠡᠢ ᠪᠠᠶᠢᠳᠠᠯ ᠊ᠢ ᠬᠠᠩᠭᠠᠬᠤ ᠳᠠᠷᠬᠠᠯᠠᠭ᠎ᠠ ᠶᠤᠮ᠃

ᠬᠡᠳᠦᠬᠡᠨ ᠵᠢᠯ ᠤᠨ ᠡᠮᠦᠨ᠎ᠡ ᠬᠡᠪᠯᠡᠯ ᠮᠡᠳᠡᠭᠡᠯᠡᠯ ᠤᠨ ᠬᠡᠷᠡᠭᠰᠡᠯ ᠡᠴᠡ ᠮᠡᠳᠡᠭᠡᠯᠡᠯ ᠠᠪᠬᠤ ᠊ᠢᠢᠨ ᠲᠤᠯᠠᠳᠠ ᠪᠢᠴᠢᠭ ᠦᠰᠦᠭ ᠮᠡᠳᠡᠳᠡᠭ ᠪᠠᠶᠢᠬᠤ ᠊ᠳᠤ ᠯᠠ ᠬᠠᠩᠭᠠᠯᠲᠠ ᠲᠠᠢ ᠪᠠᠶᠢᠪᠠ᠃ ᠭᠡᠲᠡᠯ᠎ᠡ ᠰᠡᠭᠦᠯ ᠤᠨ ᠵᠢᠯ ᠤᠳ ᠲᠦ ᠴᠠᠬᠢᠮ ᠤᠷ᠎ᠠ ᠴᠢᠳᠠᠪᠤᠷᠢ᠂ ᠲᠣᠭᠠᠨ ᠪᠢᠴᠢᠭ ᠦᠰᠦᠭ ᠤᠨ ᠢᠯᠭᠠᠭ᠎ᠠ᠂ ᠬᠤᠪᠢᠶᠠᠭᠳᠠᠯ᠂ ᠲᠡᠳᠡᠭᠡᠷ ᠢ ᠠᠷᠢᠯᠭᠠᠬᠤ ᠵᠠᠮ ᠊ᠢᠢᠠᠠᠷ ᠮᠡᠳᠡᠬᠦ ᠡᠷᠬᠡ ᠊ᠢᠢ᠂ ᠮᠡᠳᠡᠭᠡᠯᠡᠯ ᠠᠰᠢᠭᠯᠠᠬᠤ ᠪᠣᠯᠤᠮᠵᠢ ᠊ᠢᠢ ᠲᠡᠭᠰᠢ ᠬᠦᠷᠲᠡᠭᠡᠬᠦ ᠠᠰᠠᠭᠤᠳᠠᠯ ᠪᠣᠳᠣᠯᠭ᠎ᠠ ᠊ᠢᠢᠨ ᠬᠡᠮᠵᠢᠶᠡᠨ ᠊ᠳᠦ ᠬᠡᠯᠡᠯᠴᠡᠭᠳᠡᠵᠦ ᠪᠠᠶᠢᠨ᠎ᠠ᠃

ᠲᠡᠶᠢᠮᠦ ᠡᠴᠡ ᠮᠣᠩᠭᠣᠯ ᠤᠯᠤᠰ ᠤᠨ ᠵᠠᠰᠠᠭ ᠤᠨ ᠭᠠᠵᠠᠷ ᠡᠴᠠ ᠢᠷᠭᠡᠳ ᠤᠨ ᠲᠣᠭᠠᠨ ᠪᠢᠴᠢᠭ ᠦᠰᠦᠭ ᠤᠨ ᠴᠢᠳᠠᠪᠬ᠎ᠠ ᠊ᠢᠢ ᠳᠡᠭᠡᠭᠰᠢᠯᠡᠭᠦᠯᠬᠦ᠂ ᠲᠣᠭᠠᠨ ᠬᠤᠪᠢᠶᠠᠭᠳᠠᠯ ᠊ᠢ ᠪᠠᠭᠤᠷᠠᠭᠤᠯᠬᠤ ᠠᠰᠠᠭᠤᠳᠠᠯ ᠊ᠳᠤ ᠣᠨᠴᠠᠭᠠᠢ ᠠᠩᠬᠠᠷᠴᠤ ᠴᠠᠬᠢᠮ ᠤᠷ᠎ᠠ ᠴᠢᠳᠠᠪᠤᠷᠢ ᠊ᠢᠢ ᠳᠡᠮᠵᠢᠬᠦ ᠠᠯᠬᠤᠮ ᠤᠳ ᠊ᠢ ᠪᠣᠳᠣᠯᠭ᠎ᠠ ᠊ᠢᠢᠨ ᠪᠠᠷᠢᠮᠲᠠ ᠪᠢᠴᠢᠭ ᠊ᠳᠦ ᠲᠤᠰᠬᠠᠨ ᠬᠡᠷᠡᠭᠵᠢᠯᠲᠡ ᠊ᠢᠢ ᠬᠠᠩᠭᠠᠨ ᠠᠵᠢᠯᠯᠠᠵᠤ ᠪᠤᠢ ᠊ᠢᠢ ᠴᠣᠬᠣᠨ ᠲᠡᠮᠳᠡᠭᠯᠡᠬᠦ ᠊ᠢᠢ ᠬᠦᠰᠡᠵᠦ ᠪᠠᠶᠢᠨ᠎ᠠ᠃

ᠵᠥᠪᠬᠡᠨ ᠪᠣᠯᠪᠠᠰᠤᠷᠠᠭᠤᠯᠤᠭᠰᠠᠨ ᠮᠡᠳᠡᠭᠡᠯᠡᠯ ᠊ᠢ ᠰᠢᠭᠦᠯᠲᠡᠭᠦᠷ ᠲᠡᠢ ᠬᠦᠯᠢᠶᠡᠨ ᠠᠪᠬᠤ ᠡᠴᠠ ᠭᠠᠳᠠᠨ᠎ᠠ ᠮᠡᠳᠡᠭᠡᠯᠡᠯ ᠤᠨ ᠲᠧᠭᠨᠣᠯᠣᠭᠢ᠂ ᠴᠠᠬᠢᠮ ᠰᠢᠯᠵᠢᠯᠲᠡ ᠊ᠢᠢᠨ ᠪᠢᠳᠡᠨ ᠊ᠳᠦ ᠣᠯᠭᠤᠵᠤ ᠪᠤᠢ ᠬᠢᠵᠠᠭᠠᠷ ᠦᠭᠡᠢ ᠪᠣᠯᠤᠮᠵᠢ ᠨᠤᠭᠤᠳ ᠤᠨ ᠨᠢᠭᠡ ᠪᠣᠯᠬᠤ 《ᠨᠡᠭᠡᠭᠡᠯᠲᠡ ᠲᠡᠢ ᠥᠭᠭᠥᠭᠳᠡᠯ》 /Open data/ ᠍ ᠢ ᠠᠰᠢᠭᠯᠠᠬᠤ᠂ ᠥᠭᠭᠥᠭᠳᠡᠯ ᠊ᠳᠦ ᠰᠠᠭᠤᠷᠢᠯᠠᠭᠰᠠᠨ ᠰᠢᠢᠳᠪᠦᠷᠢ ᠭᠠᠷᠭᠠᠯᠲᠠ ᠊ᠢᠢ ᠰᠠᠯᠪᠤᠷᠢ ᠪᠦᠷᠢ ᠊ᠳᠦ ᠲᠥᠯᠦᠪᠰᠢᠭᠦᠯᠬᠦ᠂ ᠰᠤᠷᠠᠭ ᠊ᠢᠢᠠᠷ ᠪᠤᠰᠤ ᠰᠤᠳᠤᠯᠭ᠎ᠠ ᠪᠠᠷ᠂ ᠰᠢᠨᠵᠢᠯᠡᠬᠦ ᠤᠬᠠᠭᠠᠨᠴᠢ ᠪᠠᠷ ᠠᠰᠠᠭᠤᠳᠠᠯ ᠊ᠳᠤ ᠬᠠᠨᠳᠤᠬᠤ ᠪᠣᠯᠤᠮᠵᠢ ᠊ᠢᠢ ᠪᠤᠢ ᠪᠣᠯᠭᠠᠬᠤ ᠊ᠳᠤ ᠬᠠᠤᠯᠢ ᠡᠷᠬᠡ ᠵᠦᠢ ᠊ᠢᠢᠨ ᠣᠷᠴᠢᠨ ᠳᠠᠬᠢ ᠲᠣᠮᠣᠬᠠᠨ ᠥᠭᠡᠷᠡᠴᠢᠯᠡᠯᠲᠡ ᠨᠦᠭᠦᠳ ᠢ ᠵᠡᠬᠡᠵᠦ ᠪᠠᠶᠢᠨ᠎ᠠ᠃

ᠬᠡᠪᠯᠡᠯ ᠮᠡᠳᠡᠭᠡᠯᠡᠯ᠂ ᠮᠡᠳᠡᠭᠡᠯᠡᠯ ᠤᠨ ᠰᠠᠭᠤᠷᠢ ᠪᠣᠯᠪᠠᠰᠤᠷᠠᠯ ᠤᠨ ᠦᠨᠳᠦᠰᠦᠨ ᠊ᠤ ᠣᠷᠣᠯᠴᠠᠭᠴᠢ ᠲᠠᠯ ᠤᠳ ᠤᠨ V ᠹᠣᠷᠣᠮ ᠊ᠳᠤ ᠠᠮᠵᠢᠯᠲᠠ ᠬᠦᠰᠡᠶ᠎ᠡ!
ᠡᠨᠡ ᠵᠢᠯ ᠤᠨ ᠹᠣᠷᠣᠮ ᠢ 《ᠴᠠᠬᠢᠮ ᠣᠷᠴᠢᠨ ᠪᠠ ᠬᠡᠪᠯᠡᠯ ᠮᠡᠳᠡᠭᠡᠯᠡᠯ᠂ ᠮᠡᠳᠡᠭᠡᠯᠡᠯ ᠤᠨ ᠰᠠᠭᠤᠷᠢ ᠪᠣᠯᠪᠠᠰᠤᠷᠠᠯ᠂ ᠬᠠᠮᠲᠤᠷᠠᠨ ᠬᠡᠯᠡᠯᠴᠡᠬᠦ ᠠᠰᠠᠭᠤᠳᠠᠯ》 ᠰᠡᠳᠦᠪ ᠤᠨ ᠬᠦᠷᠢᠶᠡᠨ ᠊ᠳᠦ ᠵᠣᠬᠢᠶᠠᠨ ᠪᠠᠶᠢᠭᠤᠯᠵᠤ ᠪᠠᠶᠢᠭ᠎ᠠ ᠨᠢ ᠴᠠᠭ ᠦᠶ᠎ᠡ ᠣᠯᠤᠭᠰᠠᠨ ᠠᠴᠢ ᠬᠣᠯᠪᠣᠭᠳᠠᠯ ᠲᠠᠢ ᠠᠵᠢᠯ ᠪᠣᠯᠵᠤ ᠪᠠᠶᠢᠨ᠎ᠠ᠃
