ᠴᠠᠬᠢᠮ ᠰᠢᠯᠵᠢᠯᠲᠡ ᠊ᠢᠢᠨ ᠥᠨᠥ ᠊ᠢᠢᠨ ᠪᠠᠶᠢᠳᠠᠯ ᠊ᠢ ᠦᠨᠡᠯᠡᠬᠦ ᠰᠤᠳᠤᠯᠭ᠎ᠠ ᠬᠢᠨ᠎ᠡ


ᠼᠠ᠊ ᠬᠥ᠊ ᠬᠠ᠊ ᠬᠣ᠊-᠊ᠤ ᠰᠠᠶᠢᠳ ᠨ ∙ ᠤᠴᠠᠷᠠᠯ ᠥᠨᠥᠳᠥᠷ /᠒᠐᠒᠓.᠑᠑.᠒᠘/ ᠨᠢᠭᠡᠳᠦᠭᠰᠡᠨ ᠦᠨᠳᠦᠰᠦᠨ ᠊ᠤ ᠪᠠᠶᠢᠭᠤᠯᠤᠯᠭ᠎ᠠ ᠤᠨ ᠬᠥᠭᠵᠢᠯ ᠤᠨ ᠬᠥᠲᠦᠯᠪᠦᠷᠢ ᠊ᠢᠢᠨ ᠰᠠᠭᠤᠷᠢᠨ ᠲᠥᠯᠦᠭᠡᠯᠡᠭᠴᠢ ᠬᠠᠲᠤᠭᠲᠠᠢ ᠮᠠᠲ᠋ᠢᠯᠳᠠ ᠳᠢᠮᠣᠸᠰᠺᠠ ᠲᠡᠷᠢᠭᠦᠲᠡᠢ ᠲᠥᠯᠦᠭᠡᠯᠡᠭᠴᠢᠳ ᠊ᠢ ᠬᠦᠯᠢᠶᠡᠨ ᠠᠪᠴᠤ ᠠᠭᠤᠯᠵᠠᠯ᠎ᠠ᠃ ᠼ᠊ ᠬᠥ᠊ ᠬᠠ᠊ ᠬᠣ᠊ ᠶᠠ᠊ ᠥᠩᠭᠡᠷᠡᠭᠰᠡᠨ ᠬᠤᠭᠤᠴᠠᠭᠠᠨ ᠊ᠳᠤ ᠪᠦᠬᠦ ᠨᠡᠶᠢᠲᠡ ᠊ᠢᠢᠨ ᠲᠣᠭᠠᠨ ᠪᠢᠴᠢᠭ ᠦᠰᠦᠭ ᠤᠨ ᠴᠢᠳᠠᠪᠤᠷᠢ ᠊ᠢᠢ ᠳᠡᠭᠡᠭᠰᠢᠯᠡᠭᠦᠯᠬᠦ᠂ ᠬᠥᠭᠵᠢᠯ ᠤᠨ ᠪᠡᠷᠬᠡᠰᠢᠶᠡᠯ ᠲᠡᠢ ᠢᠷᠭᠡᠳ ᠲᠦ ᠵᠣᠷᠢᠭᠤᠯᠤᠭᠰᠠᠨ ᠰᠤᠷᠭᠠᠯᠲᠠ᠂ ᠰᠤᠷᠲᠠᠯᠴᠢᠯᠠᠭ᠎ᠠ᠂ ᠴᠠᠬᠢᠮ ᠣᠷᠴᠢᠨ ᠊ᠤ ᠵᠥᠪ᠂ ᠵᠣᠬᠢᠰᠲᠠᠢ ᠬᠡᠷᠡᠭᠯᠡᠭᠡ ᠊ᠢᠢ ᠰᠠᠶᠢᠵᠢᠷᠠᠭᠤᠯᠬᠤ ᠴᠢᠭᠯᠡᠯ ᠊ᠢᠢᠡᠷ ᠨᠢᠭᠡᠳᠦᠭᠰᠡᠨ ᠦᠨᠳᠦᠰᠦᠨ ᠊ᠤ ᠪᠠᠶᠢᠭᠤᠯᠤᠯᠭ᠎ᠠ ᠊ᠢᠢᠨ ᠬᠥᠭᠵᠢᠯ ᠤᠨ ᠬᠥᠲᠥᠯᠪᠦᠷᠢ ᠊ᠢᠢᠨ ᠬᠢᠨ ᠲᠡᠢ ᠬᠠᠮᠲᠤᠷᠠᠨ ᠠᠵᠢᠯᠯᠠᠭᠰᠠᠨ᠃

ᠨ ∙ ᠤᠴᠠᠷᠠᠯ ᠰᠠᠶᠢᠳ ᠥᠩᠭᠡᠷᠡᠭᠰᠡᠨ ᠬᠤᠭᠤᠴᠠᠭᠠᠨ ᠊ᠳᠤ ᠳᠡᠭᠡᠷᠡᠬᠢ ᠴᠢᠭᠯᠡᠯ ᠤᠨ ᠬᠦᠷᠢᠶᠡᠨ ᠊ᠳᠦ ᠦᠷ᠎ᠡ ᠳᠦᠩ ᠲᠡᠢ ᠬᠠᠮᠲᠤᠷᠠᠨ ᠠᠵᠢᠯᠯᠠᠭᠰᠠᠨ ᠊ᠳᠤ ᠬᠠᠲᠠ᠃ ᠳᠢᠮᠣᠸᠰᠺᠠᠳ ᠲᠠᠯᠠᠷᠬᠠᠯ ᠢᠯᠡᠷᠬᠡᠶᠢᠯᠡᠯ᠎ᠡ᠃ ᠴᠢᠨᠠᠭᠰᠢᠳᠠ ᠡᠨᠡ ᠠᠵᠢᠯ ᠤᠳ ᠊ᠢᠢᠠᠨ ᠦᠷᠭᠦᠯᠵᠢᠯᠡᠭᠦᠯᠵᠦ᠂ ᠺᠢᠪᠧᠷ ᠠᠶᠤᠯ ᠦᠭᠡᠢ ᠪᠠᠶᠢᠳᠠᠯ᠂ ᠴᠠᠬᠢᠮ ᠰᠢᠯᠵᠢᠯᠲᠡ ᠊ᠢᠢᠨ ᠥᠨᠥ ᠊ᠢᠢᠨ ᠪᠠᠶᠢᠳᠠᠯ᠂ ᠢᠷᠭᠡᠳ ᠤᠨ ᠴᠠᠬᠢᠮ ᠤᠷ᠎ᠠ ᠴᠢᠳᠠᠪᠤᠷᠢ ᠊ᠢᠢ ᠦᠨᠡᠯᠡᠬᠦ ᠴᠢᠨᠠᠷ ᠤᠨ ᠰᠤᠳᠤᠯᠭ᠎ᠠ ᠬᠢᠬᠦ᠂ ᠰᠠᠯᠪᠤᠷᠢ ᠊ᠢᠢᠨ ᠬᠦᠮᠦᠨ ᠊ᠤ ᠨᠥᠭᠡᠴᠡ ᠊ᠢᠢ ᠬᠥᠭᠵᠢᠭᠦᠯᠬᠦ᠂ ᠣᠶᠤᠲᠠᠨ ᠰᠣᠯᠢᠯᠴᠠᠭᠠᠨ ᠊ᠤ ᠬᠥᠲᠦᠯᠪᠦᠷᠢ ᠬᠡᠷᠡᠭᠵᠢᠭᠦᠯᠬᠦ ᠴᠢᠭᠯᠡᠯ ᠊ᠢᠢᠡᠷ ᠬᠠᠮᠲᠤᠷᠠᠨ ᠠᠵᠢᠯᠯᠠᠬᠤ ᠬᠦᠰᠡᠯᠲᠡᠢ ᠪᠠᠶᠢᠨ᠎ᠠ ᠭᠡᠳᠡᠭ ᠊ᠢᠢᠡᠨ ᠢᠯᠡᠷᠬᠡᠶᠢᠯᠡᠯ᠎ᠡ᠃

ᠨᠢᠭᠡᠳᠦᠭᠰᠡᠨ ᠦᠨᠳᠦᠰᠦᠨ ᠊ᠤ ᠪᠠᠶᠢᠭᠤᠯᠤᠯᠭ᠎ᠠ ᠤᠨ ᠬᠥᠭᠵᠢᠯ ᠤᠨ ᠬᠥᠲᠥᠯᠪᠦᠷᠢ ᠊ᠢᠢᠨ ᠮᠣᠩᠭᠣᠯ ᠳᠠᠬᠢ ᠰᠠᠭᠤᠷᠢᠨ ᠲᠥᠯᠥᠭᠡᠯᠡᠭᠴᠢ ᠬᠠᠲᠤᠭᠲᠠᠢ ᠮᠠᠲ᠋ᠢᠯᠳᠠ ᠳᠢᠮᠣᠸᠰᠺᠠ ᠮᠥᠨ ᠠᠳᠠᠯᠢ ᠥᠩᠭᠡᠷᠡᠭᠰᠡᠨ ᠬᠤᠭᠤᠴᠠᠭᠠᠨ ᠊ᠳᠤ ᠦᠷ᠎ᠡ ᠳᠦᠩ ᠲᠡᠢ ᠬᠠᠮᠲᠤᠷᠠᠨ ᠠᠵᠢᠯᠯᠠᠭᠰᠠᠨ ᠊ᠢᠢᠠᠨ ᠢᠯᠡᠷᠬᠡᠶᠢᠯᠡᠵᠦ᠂ ᠴᠢᠨᠠᠭᠰᠢᠳᠠ ᠬᠠᠮᠲᠤ ᠊ᠢᠢᠨ ᠠᠵᠢᠯᠯᠠᠭ᠎ᠠ ᠊ᠢᠢ ᠪᠠᠨ ᠥᠷᠭᠡᠵᠢᠭᠦᠯᠦᠨ᠎ᠡ ᠭᠡᠰᠡᠨ ᠶᠤᠮ᠃

ᠨᠡᠶᠢᠲᠡᠯᠡᠭᠰᠡᠨ᠄