ᠬᠥᠭᠵᠢᠯ ᠤᠨ ᠪᠡᠷᠬᠡᠰᠢᠶᠡᠯ ᠲᠡᠢ ᠬᠦᠮᠦᠨ ᠊ᠤ ᠡᠷᠬᠡ ᠊ᠢ ᠬᠠᠩᠭᠠᠬᠤ ᠲᠠᠯ᠎ᠠ ᠪᠠᠷ ᠵᠥᠪᠯᠡᠯᠳᠦᠬᠦ ᠠᠭᠤᠯᠵᠠᠯᠲᠠ ᠪᠣᠯᠤᠯ᠎ᠠ


ᠬᠥᠭᠵᠢᠯ ᠤᠨ ᠪᠡᠷᠬᠡᠰᠢᠶᠡᠯ ᠲᠡᠢ ᠬᠦᠮᠦᠨ ᠊ᠤ ᠡᠷᠬᠡ ᠊ᠢᠢ ᠬᠠᠩᠭᠠᠬᠤ ᠵᠥᠪᠯᠡᠯ ᠤᠨ ᠬᠤᠷᠠᠯ ᠡᠴᠠ ᠭᠠᠷᠤᠭᠰᠠᠨ ᠰᠢᠢᠳᠪᠦᠷᠢ᠂ ᠨᠢᠭᠡᠳᠦᠭᠰᠡᠨ ᠦᠨᠳᠦᠰᠦᠨ ᠊ᠤ ᠪᠠᠶᠢᠭᠤᠯᠤᠯᠭ᠎ᠠ ᠡᠴᠠ ᠮᠣᠩᠭᠣᠯ ᠤᠯᠤᠰ ᠲᠤ ᠢᠷᠡᠭᠦᠯᠦᠭᠰᠡᠨ ᠵᠥᠪᠯᠡᠮᠵᠢ ᠪᠣᠯᠤᠨ ᠲᠥᠷᠦ ᠊ᠢᠢᠨ ᠪᠤᠰᠤ ᠪᠠᠶᠢᠭᠤᠯᠤᠯᠭ᠎ᠠ ᠤᠳ ᠡᠴᠠ ᠲᠠᠯᠪᠢᠭᠰᠠᠨ ᠱᠠᠭᠠᠷᠳᠠᠯᠭ᠎ᠠ ᠊ᠢᠢᠨ ᠬᠦᠷᠢᠶᠡᠨ ᠊ᠳᠦ ᠬᠥᠭᠵᠢᠯ ᠤᠨ ᠪᠡᠷᠬᠡᠰᠢᠶᠡᠯ ᠲᠡᠢ ᠢᠷᠭᠡᠳ ᠊ᠤ ᠡᠷᠬᠡ ᠠᠰᠢᠭ ᠢ ᠬᠠᠮᠠᠭᠠᠯᠠᠬᠤ ᠲᠥᠷᠦ ᠊ᠢᠢᠨ ᠪᠤᠰᠤ ᠪᠠᠶᠢᠭᠤᠯᠤᠯᠭ᠎ᠠ ᠨᠤᠭᠤᠳ᠂ ᠬᠥᠭᠵᠢᠯ ᠊ᠤᠨ ᠪᠡᠷᠬᠡᠰᠢᠶᠡᠯ ᠲᠡᠢ ᠬᠦᠮᠦᠨ ᠊ᠤ ᠶᠡᠷᠦᠩᠬᠡᠢ ᠭᠠᠵᠠᠷ᠂ ᠬᠥᠳᠡᠯᠮᠦᠷᠢ ᠨᠡᠶᠢᠭᠡᠮ ᠤᠨ ᠬᠠᠮᠠᠭᠠᠯᠠᠯ ᠤᠨ ᠶᠠᠮᠤ᠂ ᠴᠠᠬᠢᠮ ᠬᠥᠭᠵᠢᠯ᠂ ᠬᠠᠷᠢᠯᠴᠠᠭ᠎ᠠ ᠬᠣᠯᠪᠣᠭᠠᠨ ᠊ᠤ ᠶᠠᠮᠤ᠂ ᠵᠠᠰᠠᠭ ᠤᠨ ᠭᠠᠵᠠᠷ ᠤᠨ ᠬᠡᠷᠡᠭ ᠡᠷᠬᠢᠯᠡᠬᠦ ᠭᠠᠵᠠᠷ ᠤᠨ ᠲᠥᠯᠦᠭᠡᠯᠡᠯ ᠢ ᠣᠷᠤᠯᠴᠠᠭᠤᠯᠤᠭᠰᠠᠨ ᠠᠭᠤᠯᠵᠠᠯᠲᠠ ᠵᠣᠬᠢᠶᠠᠨ ᠪᠠᠶᠢᠭᠤᠯᠤᠭᠳᠠᠯ᠎ᠠ᠃

ᠬᠤᠷᠠᠯ ᠊ᠢᠢᠠᠷ ᠬᠥᠭᠵᠢᠯ ᠤᠨ ᠪᠡᠷᠬᠡᠰᠢᠶᠡᠯ ᠲᠡᠢ ᠬᠦᠮᠦᠨ ᠊ᠤ ᠡᠷᠬᠡ ᠊ᠢᠢ ᠬᠠᠩᠭᠠᠬᠤ ᠵᠥᠪᠯᠡᠯ ᠤᠨ ᠒᠐᠒᠓ ᠣᠨ ᠊ᠤ ᠲᠥᠯᠦᠪᠯᠡᠭᠡᠨ ᠊ᠤ ᠬᠡᠷᠡᠭᠵᠢᠯᠲᠡ᠂ ᠒᠐᠒᠔ ᠣᠨ ᠊ᠤ ᠦᠢᠯᠡ ᠠᠵᠢᠯᠯᠠᠭᠠᠨ ᠊ᠤ ᠲᠥᠯᠦᠪᠯᠡᠭᠡᠨ ᠊ᠳᠦ ᠲᠤᠰᠬᠠᠬᠤ ᠠᠵᠢᠯ ᠤᠨ ᠰᠠᠨᠠᠯ ᠢ ᠲᠠᠨᠢᠯᠴᠠᠭᠤᠯᠵᠤ᠂ ᠲᠤᠬᠠᠢ ᠊ᠢᠢᠨ ᠰᠠᠯᠪᠤᠷᠢ ᠊ᠳᠤ ᠬᠥᠭᠵᠢᠯ ᠤᠨ ᠪᠡᠷᠬᠡᠰᠢᠶᠡᠯ ᠲᠡᠢ ᠬᠦᠮᠦᠨ ᠊ᠤ ᠡᠷᠬᠡ ᠊ᠢᠢ ᠬᠠᠩᠭᠠᠬᠤ᠂ ᠲᠤᠯᠭᠠᠮᠳᠠᠵᠤ ᠪᠤᠢ ᠠᠰᠠᠭᠤᠳᠠᠯ ᠰᠢᠢᠳᠦᠯ ᠤᠨ ᠲᠠᠯ᠎ᠠ ᠪᠠᠷ ᠰᠠᠨᠠᠯ ᠰᠤᠯᠢᠯᠴᠠᠪᠠ᠃

ᠮᠥᠨ ᠰᠠᠯᠪᠤᠷᠢ ᠊ᠢᠢᠨ ᠬᠤᠪᠢ ᠊ᠳᠤ ᠬᠥᠭᠵᠢᠯ ᠤᠨ ᠪᠡᠷᠬᠡᠰᠢᠶᠡᠯ ᠲᠡᠢ ᠢᠷᠭᠡᠳ ᠤᠨ ᠳᠡᠳ᠋ ᠪᠦᠲᠦᠴᠡ ᠊ᠢᠢᠨ ᠬᠦᠷᠲᠡᠭᠡᠮᠵᠢ ᠊ᠢᠢ ᠨᠡᠮᠡᠭᠳᠡᠭᠦᠯᠬᠦ᠂ ᠬᠥᠳᠡᠯᠮᠦᠷᠢ ᠊ᠢᠢᠨ ᠲᠤᠬᠠᠢ ᠬᠠᠤᠯᠢ ᠊ᠢᠢᠨ ᠑᠑᠔ ᠳᠦᠭᠡᠷ ᠵᠦᠢᠯ ᠤᠨ ᠬᠡᠷᠡᠭᠵᠢᠯᠲᠡ ᠊ᠢᠢ ᠬᠠᠩᠭᠠᠬᠤ ᠊ᠳᠤ ᠠᠩᠬᠠᠷᠴᠤ ᠠᠵᠢᠯᠯᠠᠬᠤ᠂ ᠬᠥ᠊ ᠪᠡ᠊ ᠢ᠊- ᠍᠊ᠢᠢᠨ ᠦᠢᠯᠡᠳᠪᠦᠷᠢᠯᠡᠯ ᠊ᠢ ᠳᠡᠮᠵᠢᠬᠦ᠂ 《ᠢ ᠮᠣᠩᠭᠣᠯ》 ᠠᠺᠠᠳᠧᠮᠢ ᠤ᠊ ᠲᠥ᠊ ᠦ᠊ ᠭᠠ᠊ ᠍ ᠊ᠢᠢ ᠣᠷᠣᠨ ᠲᠣᠭᠠᠨ ᠊ᠤ ᠳᠣᠬᠢᠶᠠᠨ ᠊ᠤ ᠬᠡᠯᠡᠨᠨ ᠊ᠤ ᠬᠡᠯᠡᠮᠦᠷᠴᠢ ᠲᠡᠢ ᠪᠣᠯᠭᠠᠬᠤ᠂ ᠠᠯᠤᠰᠯᠠᠭᠳᠠᠭᠰᠠᠨ ᠬᠣᠷᠢᠶᠠᠳ ᠊ᠳᠤ ᠲᠥᠷᠥ ᠊ᠢᠢᠨ ᠴᠠᠬᠢᠮ ᠦᠢᠯᠡᠴᠢᠯᠡᠭᠡ ᠊ᠢᠢ ᠠᠪᠬᠤ ᠬᠦᠷᠲᠡᠭᠡᠮᠵᠢ ᠊ᠢᠢ ᠨᠡᠮᠡᠭᠳᠡᠭᠦᠯᠬᠦ᠂ ᠮᠡᠳᠡᠭᠡ ᠮᠡᠳᠡᠭᠡᠯᠡᠯ ᠪᠣᠯᠤᠨ ᠲᠠᠨᠢᠨ ᠮᠡᠳᠡᠬᠦᠢ᠂ ᠰᠫᠣᠷᠲ ᠣᠯᠠᠨ ᠨᠡᠶᠢᠲᠡ ᠊ᠢᠢᠨ ᠠᠷᠭ᠎ᠠ ᠬᠡᠮᠵᠢᠶ᠎ᠡ᠂ ᠴᠠᠭ ᠠᠭᠠᠷ᠂ ᠭᠠᠮᠰᠢᠭ᠂ ᠡᠷᠡᠭᠦᠯ ᠮᠡᠨᠳᠦ ᠵᠡᠷᠭᠡ ᠨᠡᠪᠲᠡᠷᠡᠭᠦᠯᠭᠡ ᠊ᠢᠢ ᠳᠣᠬᠢᠶᠠᠨ ᠊ᠤ ᠪᠣᠯᠤᠨ ᠬᠠᠳᠠᠮᠠᠯ ᠣᠷᠴᠢᠭᠤᠯᠭ᠎ᠠ ᠲᠠᠢ ᠪᠣᠯᠭᠠᠨ ᠨᠡᠮᠡᠭᠳᠡᠭᠦᠯᠬᠦ᠂ ᠳᠣᠬᠢᠶᠠᠨ ᠊ᠤ ᠬᠡᠯᠡ ᠪᠡᠷ ᠶᠠᠷᠢᠵᠤ ᠪᠤᠢ ᠬᠦᠮᠦᠨ ᠊ᠤ ᠳᠡᠯᠭᠡᠴᠡᠨ ᠊ᠤ ᠬᠠᠷᠠᠭᠳᠠᠬᠤ ᠪᠠᠶᠢᠳᠠᠯ ᠊ᠢ ᠲᠤᠮᠤᠷᠠᠭᠤᠯᠬᠤ ᠵᠡᠷᠭᠡ ᠠᠰᠠᠭᠤᠳᠠᠯ ᠰᠢᠢᠳᠦᠯ ᠤᠨ ᠲᠠᠯ᠎ᠠ ᠪᠠᠷ ᠨᠡᠭᠡᠭᠡᠯᠲᠡᠲᠡᠢ ᠬᠡᠯᠡᠯᠴᠡᠯ᠎ᠡ᠃

ᠨᠡᠶᠢᠲᠡᠯᠡᠭᠰᠡᠨ᠄