ᠬᠡᠦᠬᠡᠳ ᠊ᠢ ᠴᠠᠬᠢᠮ ᠤᠷᠴᠢᠨ ᠊ᠳᠤ ᠬᠠᠮᠠᠭᠠᠯᠠᠬᠤ ᠴᠢᠭᠯᠡᠯ ᠊ᠢᠢᠡᠷ ᠠᠽᠢᠶ᠎ᠠ᠂ ᠨᠣᠮᠣᠬᠠᠨ ᠳᠠᠯᠠᠢ ᠊ᠢᠢᠨ ᠪᠥᠰᠡ ᠊ᠢᠢᠨ ᠣᠷᠣᠨ ᠨᠤᠭᠤᠳ ᠴᠢᠭᠤᠯᠤᠯ ᠠ


ᠣᠯᠠᠨ ᠤᠯᠤᠰ ᠤᠨ ᠴᠠᠬᠢᠯᠭᠠᠨ ᠬᠣᠯᠪᠣᠭᠠᠨ ᠊ᠤ ᠪᠠᠶᠢᠭᠤᠯᠤᠯᠭ᠎ᠠ ᠡᠴᠠ ᠵᠣᠬᠢᠶᠠᠨ ᠪᠠᠶᠢᠭᠤᠯᠤᠭᠰᠠᠨ 《ᠴᠠᠬᠢᠮ ᠣᠷᠴᠢᠨ ᠳᠠᠬᠢ ᠬᠡᠦᠬᠡᠳ ᠬᠠᠮᠠᠭᠠᠯᠠᠯ》 ᠰᠡᠳᠦᠪᠲᠦ ᠠᠽᠢᠶ᠎ᠠ᠂ ᠨᠣᠮᠣᠬᠠᠨ ᠳᠠᠯᠠᠢ ᠊ᠢᠢᠨ ᠪᠥᠰᠡ ᠊ᠢᠢᠨ ᠴᠢᠭᠤᠯᠭᠠᠨ ᠊ᠳᠤ ᠼᠠ᠊ ᠬᠥ᠊ ᠬᠠ᠊ ᠬᠣ᠊ ᠶᠠ᠊-᠊ᠤ ᠲᠥᠷᠥ ᠊ᠢᠢᠨ ᠨᠠᠷᠢᠨ ᠪᠢᠴᠢᠭ ᠤᠨ ᠳᠠᠷᠤᠭ᠎ᠠ ᠪ ∙ ᠪᠠᠲᠤᠴᠡᠴᠡᠭᠡ ᠣᠷᠣᠯᠴᠠᠵᠤ᠂ ᠬᠡᠦᠬᠡᠳ ᠊ᠢ ᠴᠠᠬᠢᠮ ᠤᠷᠴᠢᠨ ᠊ᠳᠤ ᠬᠠᠮᠠᠭᠠᠯᠠᠬᠤ ᠴᠢᠭᠯᠡᠯ ᠊ᠢᠢᠡᠷ ᠮᠣᠩᠭᠣᠯ ᠤᠯᠤᠰ ᠲᠤ ᠪᠠᠷᠢᠮᠲᠠᠯᠠᠵᠤ ᠪᠤᠢ ᠪᠣᠳᠣᠯᠭ᠎ᠠ᠂ ᠲᠥᠯᠥᠪᠯᠡᠯᠲᠡ ᠬᠡᠷᠡᠭᠵᠢᠭᠦᠯᠵᠦ ᠪᠤᠢ ᠠᠵᠢᠯ ᠤᠳ ᠤᠨ ᠲᠠᠯ᠎ᠠ ᠪᠠᠷ ᠲᠠᠨᠢᠯᠴᠠᠭᠤᠯᠵᠤ᠂ ᠲᠤᠯᠭᠠᠮᠳᠠᠵᠤ ᠪᠠᠶᠢᠭ᠎ᠠ ᠠᠰᠠᠭᠤᠳᠠᠯ ᠤᠳ᠂ ᠴᠢᠨᠠᠭᠰᠢᠳᠠ ᠬᠡᠷᠡᠭᠵᠢᠭᠦᠯᠬᠦ ᠠᠷᠭ᠎ᠠ ᠬᠡᠮᠵᠢᠶᠡᠨ ᠊ᠤ ᠲᠠᠯ᠎ᠠ ᠪᠠᠷ ᠮᠡᠳᠡᠭᠡᠯᠡᠯ ᠰᠣᠯᠢᠯᠴᠠᠯ᠎ᠠ᠃

ᠴᠢᠭᠤᠯᠭᠠᠨ ᠊ᠳᠤ ᠬᠠᠷᠢᠯᠴᠠᠭ᠎ᠠ ᠬᠣᠯᠪᠣᠭ᠎ᠠ᠂ ᠮᠡᠳᠡᠭᠡᠯᠡᠯ ᠤᠨ ᠲᠧᠭᠨᠣᠯᠣᠭᠢ ᠊ᠢᠢᠨ ᠰᠠᠯᠪᠤᠷᠢ ᠊ᠢᠢᠨ ᠣᠯᠠᠨ ᠤᠯᠤᠰ ᠤᠨ ᠪᠠᠶᠢᠭᠤᠯᠤᠯᠭ᠎ᠠ ᠨᠤᠭᠤᠳ ᠤᠨ ᠲᠥᠯᠦᠭᠡᠯᠡᠯ ᠪᠣᠯᠤᠨ ᠬᠡᠦᠬᠡᠳ ᠬᠠᠮᠠᠭᠠᠯᠠᠯ ᠤᠨ ᠴᠢᠭᠯᠡᠯ ᠊ᠢᠢᠡᠷ ᠠᠵᠢᠯᠯᠠᠳᠠᠭ ᠢᠨᠳᠥᠶᠢᠨᠧᠽ᠂ ᠺᠠᠮᠪᠵᠤ᠂ ᠫᠠᠺᠢᠰᠲᠠᠨ᠂ ᠪᠤᠲᠤᠩ᠂ ᠲᠠᠶᠢᠯᠠᠩ ᠳᠤ᠂ ᠹᠢᠯᠢᠫᠫᠠᠨ ᠵᠡᠷᠭᠡ ᠔᠐ ᠣᠷᠴᠢᠮ ᠤᠯᠤᠰ ᠣᠷᠣᠨ ᠊ᠤ ᠲᠥᠯᠦᠭᠡᠯᠡᠯ ᠤᠳ ᠣᠷᠣᠯᠴᠠᠵᠤ᠂ 《ᠬᠡᠦᠬᠡᠳ ᠊ᠢ ᠴᠠᠬᠢᠮ ᠣᠷᠴᠢᠨ ᠊ᠳᠤ ᠬᠠᠮᠠᠭᠠᠯᠠᠬᠤ ᠦᠨᠳᠦᠰᠦᠨ ᠊ᠤ ᠰᠲᠷᠠᠲ᠋ᠧᠭᠢ᠂ ᠳᠦᠷᠢᠮ ᠵᠢᠷᠤᠮ᠂ ᠰᠠᠶᠢᠨ ᠲᠤᠷᠰᠢᠯᠭ᠎ᠠ》 ᠰᠡᠳᠦᠪ ᠤᠨ ᠬᠦᠷᠢᠶᠡᠨ ᠊ᠳᠦ ᠬᠡᠯᠡᠯᠴᠡᠭᠦᠯᠭᠡ ᠥᠷᠨᠢᠭᠦᠯᠪᠡ᠃

ᠨᠡᠶᠢᠲᠡᠯᠡᠭᠰᠡᠨ᠄