《ᠴᠠᠬᠢᠮ ᠠᠶᠤᠯ ᠦᠭᠡᠢ ᠪᠠᠶᠢᠳᠠᠯ》 ᠠᠷᠭ᠎ᠠ ᠬᠡᠮᠵᠢᠶ᠎ᠡ ᠪᠣᠯᠤᠯ᠎ᠠ


ᠬᠡᠦᠬᠡᠳ ᠬᠠᠮᠠᠭᠠᠯᠠᠯ ᠤᠨ ᠲᠤᠬᠠᠢ ᠬᠠᠤᠯᠢ ᠊ᠳᠤ ᠵᠢᠭᠠᠭᠰᠠᠨ ᠬᠡᠦᠬᠡᠳ᠂ ᠣᠯᠠᠨ ᠨᠡᠶᠢᠲᠡ ᠊ᠢᠢᠨ ᠴᠠᠬᠢᠮ ᠣᠷᠴᠢᠨ ᠳ᠋ᠠᠬᠢ ᠠᠶᠤᠯ ᠦᠭᠡᠢ ᠪᠠᠶᠢᠳᠠᠯ ᠊ᠢ ᠬᠠᠮᠠᠭᠠᠯᠠᠬᠤ ᠲᠠᠯ᠎ᠠ ᠪᠠᠷ ᠵᠥᠪᠯᠡᠮᠵᠢ ᠵᠢᠭᠠᠪᠤᠷᠢᠴᠢᠯᠠᠭ᠎ᠠ ᠊ᠢᠢ ᠪᠡᠯᠡᠳᠬᠡᠨ ᠬᠦᠷᠭᠡᠬᠦ ᠴᠢᠭ ᠡᠭᠦᠷᠭᠡ ᠊ᠢᠢᠨ ᠬᠦᠷᠢᠶᠡᠨ ᠊ᠳᠦ ᠨᠢᠭᠡᠳᠦᠭᠰᠡᠨ ᠦᠨᠳᠦᠰᠦᠨ ᠊ᠤ ᠪᠠᠶᠢᠭᠤᠯᠤᠯᠭ᠎ᠠ ᠤᠨ ᠬᠡᠦᠬᠡᠳ ᠤᠨ ᠰᠠᠨ᠂ ᠴᠠᠬᠢᠮ ᠬᠥᠭᠵᠢᠯ᠂ ᠬᠠᠷᠢᠯᠴᠠᠭ᠎ᠠ ᠬᠣᠯᠪᠣᠭᠠᠨ ᠊ᠤ ᠶᠠᠮᠤ᠂ ᠬᠠᠷᠢᠯᠴᠠᠭ᠎ᠠ ᠬᠣᠯᠪᠣᠭᠠᠨ ᠊ᠤ ᠵᠣᠬᠢᠴᠠᠭᠤᠯᠬᠤ ᠬᠣᠷᠢᠶ᠎ᠠ ᠬᠠᠮᠲᠤᠷᠠᠨ ᠥᠨᠥᠳᠥᠷ (᠒᠐᠒᠓.᠑᠒.᠑᠕ 《ᠴᠠᠬᠢᠮ ᠠᠶᠤᠯ ᠦᠭᠡᠢ ᠪᠠᠶᠢᠳᠠᠯ》 ᠠᠷᠭ᠎ᠠ ᠬᠡᠮᠵᠢᠶ᠎ᠡ ᠊ᠢᠢ ᠵᠣᠬᠢᠶᠠᠨ ᠪᠠᠶᠢᠭᠤᠯᠤᠯ᠎ᠠ᠃

ᠡᠨᠡᠬᠦ ᠠᠷᠭ᠎ᠠ ᠬᠡᠮᠵᠢᠶᠡᠨ ᠊ᠤ ᠵᠣᠷᠢᠯᠭ᠎ᠠ ᠨᠢ ᠨᠢᠭᠡᠳᠦᠭᠰᠡᠨ ᠦᠨᠳᠦᠰᠦᠨ ᠊ᠤ ᠪᠠᠶᠢᠭᠤᠯᠤᠯᠭ᠎ᠠ ᠊ᠢᠢᠨ ᠲᠥᠷᠦᠯᠵᠢᠭᠰᠡᠨ ᠪᠠᠶᠢᠭᠤᠯᠤᠯᠭ᠎ᠠ ᠪᠣᠯᠬᠤ ᠣᠯᠠᠨ ᠤᠯᠤᠰ ᠤᠨ ᠴᠠᠬᠢᠯᠭᠠᠨ ᠬᠣᠯᠪᠣᠭᠠᠨ ᠊ᠤ ᠪᠠᠶᠢᠭᠤᠯᠤᠯᠭ᠎ᠠ ᠡᠴᠠ ᠴᠠᠬᠢᠮ ᠤᠷᠴᠢᠨ ᠊ᠳᠤ ᠬᠡᠦᠬᠡᠳ ᠬᠠᠮᠠᠭᠠᠯᠠᠯ ᠤᠨ ᠲᠠᠯ᠎ᠠ ᠪᠠᠷ ᠨᠢᠭᠡᠳᠦᠭᠰᠡᠨ ᠤᠳᠤᠷᠢᠳᠤᠮᠵᠢ ᠪᠠᠷ ᠬᠠᠩᠭᠠᠬᠤ ᠴᠢᠭᠯᠡᠯ ᠊ᠢᠢᠡᠷ ᠭᠠᠷᠭᠠᠭᠰᠠᠨ ᠰᠤᠷᠭᠠᠯᠲᠠ ᠊ᠢᠢᠨ ᠪᠠᠭᠴᠠ ᠬᠥᠲᠥᠯᠪᠦᠷᠢ ᠪᠣᠯᠤᠨ ᠤᠳᠤᠷᠢᠳᠤᠮᠵᠢ ᠊ᠢᠢ ᠮᠣᠩᠭᠣᠯ ᠬᠡᠯᠡ ᠳᠡᠭᠡᠷ᠎ᠡ ᠣᠷᠴᠢᠭᠤᠯᠵᠤ ᠬᠡᠪᠯᠡᠭᠰᠡᠨ ᠭᠠᠷ ᠤᠨ ᠠᠪᠤᠯᠭ᠎ᠠ ᠊ᠢᠢ ᠲᠠᠨᠢᠯᠴᠠᠭᠤᠯᠵᠤ᠂ ᠬᠣᠯᠪᠣᠭᠳᠠᠬᠤ ᠪᠠᠶᠢᠭᠤᠯᠤᠯᠭ᠎ᠠ ᠨᠤᠭᠤᠳ ᠲᠤ ᠭᠠᠷᠳᠠᠭᠤᠯᠤᠭᠰᠠᠨ ᠶᠤᠮ᠃

ᠠᠷᠭ᠎ᠠ ᠬᠡᠮᠵᠢᠶ᠎ᠡ ᠊ᠢᠢ ᠨᠡᠭᠡᠭᠡᠵᠤ ᠲᠥᠷᠥ ᠊ᠢᠢᠨ ᠨᠠᠷᠢᠨ ᠪᠢᠴᠢᠭ ᠤᠨ ᠳᠠᠷᠤᠭ᠎ᠠ ᠪ ∙ ᠪᠠᠲᠤᠴᠡᠴᠡᠭ ᠪᠣᠯᠤᠨ ᠬᠠ᠊ ᠬᠣ᠊ ᠽᠣ᠊ ᠬᠣ᠊-᠊ᠤ ᠳᠠᠷᠤᠭ᠎ᠠ ᠭ ∙ ᠴᠢᠩᠵᠣᠷᠢᠭ ᠤᠨ ᠮᠡᠨᠳᠦᠴᠢᠯᠡᠭᠡ ᠊ᠢ ᠲᠤᠰ ᠬᠣᠷᠢᠶᠠᠨ ᠊ᠤ ᠵᠠᠬᠢᠷᠭᠠᠨ ᠊ᠤ ᠤᠳᠤᠷᠢᠳᠤᠯᠭ᠎ᠠ᠂ ᠬᠠᠮᠲᠤ ᠊ᠢᠢᠨ ᠠᠵᠢᠯᠯᠠᠭᠠᠨ ᠊ᠤ ᠭᠠᠵᠠᠷ ᠤᠨ ᠳᠠᠷᠤᠭ᠎ᠠ ᠽ ∙ ᠡᠷᠳᠡᠨᠢᠴᠢᠯᠠᠭᠤᠨ ᠲᠠᠨᠢᠯᠴᠠᠭᠤᠯᠵᠤ᠂ ᠨᠢᠭᠡᠳᠦᠭᠰᠡᠨ ᠦᠨᠳᠦᠰᠦᠨ ᠊ᠤ ᠪᠠᠶᠢᠭᠤᠯᠤᠯᠭ᠎ᠠ ᠤᠨ ᠬᠡᠦᠬᠡᠳ ᠤᠨ ᠰᠠᠩ ᠤᠨ ᠰᠢᠳᠠᠷ ᠰᠠᠭᠤᠷᠢᠨ ᠲᠥᠯᠥᠭᠡᠯᠡᠭᠴᠢ ᠠᠶᠠᠺᠣ ᠺᠠᠶᠢᠨ᠎ᠠ᠂ 《ᠬᠡᠦᠬᠡᠳ ᠤᠨ ᠡᠷᠬᠡ ᠪᠠ ᠴᠠᠬᠢᠮ ᠣᠷᠴᠢᠨ》 ᠤᠯᠤᠰ ᠤᠨ ᠠᠪᠤᠷᠭᠤ ᠰᠢᠯᠭᠠᠷᠠᠭᠤᠯᠬᠤ VIII ᠮᠡᠳᠬᠡᠯᠴᠡᠭᠡᠨ ᠊ᠤ ᠲᠡᠮᠡᠴᠡᠭᠡᠨ ᠊ᠤ ᠰᠢᠯᠢᠳᠡᠭ ᠢᠯᠡᠳᠬᠡᠭᠴᠢ᠂ ᠶᠡᠷᠦᠩᠬᠡᠢ ᠪᠣᠯᠪᠠᠰᠤᠷᠠᠯ ᠤᠨ ᠑᠓᠓ ᠳ᠋ᠤᠭᠠᠷ ᠰᠤᠷᠭᠠᠭᠤᠯᠢ ᠊ᠢᠢᠨ ᠑᠐ ᠳ᠋ᠤᠭᠠᠷ ᠠᠩᠬᠢ ᠊ᠢᠢᠨ ᠰᠤᠷᠤᠭᠴᠢ ᠪ ∙ ᠣᠳᠬᠣᠨᠭᠦᠨᠵᠢ ᠨᠠᠷ ᠦᠭᠡ ᠬᠡᠯᠡᠯ᠎ᠡ᠃

ᠣᠯᠠᠨ ᠤᠯᠤᠰ ᠤᠨ ᠴᠠᠬᠢᠯᠭᠠᠨ ᠬᠣᠯᠪᠣᠭᠠᠨ ᠊ᠤ ᠪᠠᠶᠢᠭᠤᠯᠤᠯᠭ᠎ᠠ ᠡᠴᠠ ᠬᠡᠦᠬᠡᠳ᠂ ᠪᠠᠭᠰᠢ ᠰᠤᠷᠭᠠᠨ ᠬᠦᠮᠦᠵᠢᠭᠦᠯᠦᠭᠴᠢᠳ ᠲᠦ ᠵᠣᠷᠢᠭᠤᠯᠤᠨ ᠭᠠᠷᠭᠠᠭᠰᠠᠨ ᠰᠤᠷᠭᠠᠯᠲᠠ ᠊ᠢᠢᠨ ᠪᠠᠭᠴᠠ ᠬᠥᠲᠦᠯᠪᠦᠷᠢ ᠊ᠢᠢᠨ ᠮᠠᠲ᠋ᠧᠷᠢᠶᠠᠯ ᠊ᠢ ᠲᠥᠷᠦ᠂ ᠬᠤᠪ ᠤᠨ ᠬᠡᠪᠰᠢᠯ ᠤᠨ ᠶᠡᠷᠦᠩᠬᠡᠢ ᠪᠣᠯᠪᠠᠰᠤᠷᠠᠯ ᠤᠨ ᠰᠤᠷᠭᠠᠭᠤᠯᠢ ᠊ᠢᠢᠨ ᠲᠣᠭ᠎ᠠ ᠪᠠᠷ ᠬᠡᠪᠯᠡᠭᠦᠯᠦᠨ ᠪᠣᠯᠪᠠᠰᠤᠷᠠᠯ ᠤᠨ ᠶᠡᠷᠦᠩᠬᠡᠢ ᠭᠠᠵᠠᠷ ᠲᠤ᠂ ᠪᠣᠳᠣᠯᠭ᠎ᠠ ᠪᠣᠯᠪᠠᠰᠤᠷᠠᠭᠤᠯᠤᠭᠴᠢᠳ ᠲᠤ ᠵᠣᠷᠢᠭᠤᠯᠤᠭᠰᠠᠨ ᠤᠳᠤᠷᠢᠳᠤᠮᠵᠢ ᠊ᠢᠢ ᠴᠠᠬᠢᠮ᠂ ᠬᠥᠭᠵᠢᠯ ᠬᠠᠷᠢᠯᠴᠠᠭ᠎ᠠ ᠬᠣᠯᠪᠣᠭᠠᠨ ᠊ᠤ ᠶᠠᠮᠤᠨ ᠳᠤ᠂ ᠪᠢᠽᠢᠨ᠋ᠧᠰ ᠤᠨ ᠰᠠᠯᠪᠤᠷᠢ ᠊ᠢᠢᠨ ᠬᠢᠨ ᠊ᠳᠤ ᠵᠣᠷᠢᠭᠤᠯᠤᠨ ᠭᠠᠷᠭᠠᠭᠰᠠᠨ ᠤᠳᠤᠷᠢᠳᠤᠮᠵᠢ ᠊ᠢᠢ ᠬᠠᠷᠢᠯᠴᠠᠭ᠎ᠠ ᠬᠣᠯᠪᠣᠭᠠᠨ ᠊ᠤ ᠦᠢᠯᠡᠴᠢᠯᠡᠭᠡ ᠡᠷᠬᠢᠯᠡᠭᠴᠢᠳ ᠪᠣᠯᠤᠨ ᠬᠡᠦᠬᠡᠳ ᠬᠠᠮᠠᠭᠠᠯᠠᠯ ᠤᠨ ᠴᠢᠭᠯᠡᠯ ᠊ᠢᠢᠡᠷ ᠦᠢᠯᠡ ᠠᠵᠢᠯᠯᠠᠭ᠎ᠠ ᠶᠠᠪᠤᠭᠤᠯᠳᠠᠭ ᠣᠯᠠᠨ ᠤᠯᠤᠰ ᠤᠨ ᠪᠠᠶᠢᠭᠤᠯᠤᠯᠭ᠎ᠠ᠂ ᠲᠥᠷᠦ ᠊ᠢᠢᠨ ᠪᠤᠰᠤ ᠪᠠᠶᠢᠭᠤᠯᠤᠯᠭ᠎ᠠ ᠨᠤᠭᠤᠳ ᠲᠤ ᠲᠤᠰ ᠲᠤᠰ ᠭᠠᠷᠳᠠᠭᠤᠯᠤᠨ ᠦᠭᠪᠡ᠃

ᠠᠷᠭ᠎ᠠ ᠬᠡᠮᠵᠢᠶᠡᠨ ᠊ᠳᠦ ᠴᠠᠬᠢᠮ ᠬᠥᠭᠵᠢᠯ᠂ ᠬᠠᠷᠢᠯᠴᠠᠭ᠎ᠠ ᠬᠣᠯᠪᠣᠭᠠᠨ ᠊ᠤ ᠶᠠᠮᠤ᠂ ᠪᠣᠯᠪᠠᠰᠤᠷᠠᠯ ᠰᠢᠨᠵᠢᠯᠡᠬᠦ ᠤᠬᠠᠭᠠᠨ ᠊ᠤ ᠶᠠᠮᠤ᠂ ᠬᠥᠳᠡᠯᠮᠦᠷᠢ᠂ ᠨᠡᠶᠢᠭᠡᠮ ᠤᠨ ᠬᠠᠮᠠᠭᠠᠯᠠᠯ ᠤᠨ ᠶᠠᠮᠤ᠂ ᠪᠣᠯᠪᠠᠰᠤᠷᠠᠯ ᠤᠨ ᠶᠡᠷᠦᠩᠬᠡᠢ ᠭᠠᠵᠠᠷ᠂ ᠬᠡᠦᠬᠡᠳ᠂ ᠭᠡᠷ ᠪᠦᠯᠢ ᠊ᠢᠢᠨ ᠬᠥᠭᠵᠢᠯ᠂ ᠬᠠᠮᠠᠭᠠᠯᠠᠯ ᠤᠨ ᠶᠡᠷᠦᠩᠬᠡᠢ ᠭᠠᠵᠠᠷ᠂ ᠭᠡᠮᠲᠦ ᠬᠡᠷᠡᠭ ᠡᠴᠡ ᠤᠷᠢᠳᠴᠢᠯᠠᠨ ᠰᠡᠷᠭᠡᠶᠢᠯᠡᠬᠦ ᠠᠵᠢᠯ ᠊ᠢ ᠵᠣᠬᠢᠴᠠᠭᠤᠯᠬᠤ ᠵᠥᠪᠯᠡᠯ᠂ ᠴᠠᠭᠳᠠᠭ᠎ᠠ ᠊ᠢᠢᠨ ᠶᠡᠷᠦᠩᠬᠡᠢ ᠭᠠᠵᠠᠷ ᠤᠨ ᠭᠡᠷ ᠪᠦᠯᠢ ᠊ᠢᠢᠨ ᠬᠦᠴᠦᠷᠬᠢᠯᠡᠯ᠂ ᠬᠡᠦᠬᠡᠳ ᠤᠨ ᠡᠰᠡᠷᠡᠭ ᠭᠡᠮᠲᠦ ᠬᠡᠷᠡᠭ ᠲᠡᠢ ᠲᠡᠮᠡᠴᠡᠬᠦ ᠬᠡᠯᠲᠡᠰ᠂ ᠬᠠᠷᠢᠯᠴᠠᠭ᠎ᠠ ᠬᠣᠯᠪᠣᠭᠠᠨ ᠊ᠤ ᠦᠢᠯᠡᠴᠢᠯᠡᠭᠡ ᠡᠷᠬᠢᠯᠡᠭᠴᠢᠳ ᠪᠣᠯᠤᠨ ᠬᠡᠦᠬᠡᠳ ᠤᠨ ᠡᠷᠬᠡ ᠊ᠢᠢ ᠬᠠᠮᠠᠭᠠᠯᠠᠬᠤ ᠴᠢᠭᠯᠡᠯ ᠊ᠢᠢᠡᠷ ᠠᠵᠢᠯᠯᠠᠳᠠᠭ ᠣᠯᠠᠨ ᠤᠯᠤᠰ ᠤᠨ ᠪᠠᠶᠢᠭᠤᠯᠤᠯᠭ᠎ᠠ᠂ ᠲᠥᠷᠦ ᠊ᠢᠢᠨ ᠪᠤᠰᠤ ᠪᠠᠶᠢᠭᠤᠯᠤᠯᠭ᠎ᠠ᠂ ᠬᠡᠦᠬᠡᠳ᠂ ᠡᠴᠢᠭᠡ ᠡᠬᠡ᠂ ᠪᠠᠭᠰᠢ ᠰᠤᠷᠭᠠᠨ ᠬᠦᠮᠦᠵᠢᠭᠦᠯᠦᠭᠴᠢ ᠵᠡᠷᠭᠡ ᠲᠠᠯ᠎ᠠ ᠪᠦᠷᠢ ᠊ᠢᠢᠨ ᠲᠥᠯᠦᠭᠡᠯᠡᠯ ᠪᠦᠬᠦᠢ ᠖᠐ ᠭᠠᠷᠤᠢ ᠲᠥᠯᠦᠭᠡᠯᠡᠯ ᠣᠷᠣᠯᠴᠠᠯ᠎ᠠ᠃

ᠨᠡᠶᠢᠲᠡᠯᠡᠭᠰᠡᠨ᠄