ᠲᠥᠷᠦ ᠊ᠢᠢᠨ ᠵᠢᠩᠬᠢᠨᠢ ᠠᠯᠪᠠᠨ ᠬᠠᠭᠠᠭᠴᠢ ᠊ᠢᠢᠨ ᠲᠠᠩᠭᠠᠷᠢᠭ ᠡᠷᠬᠦᠭᠦ ᠶᠣᠰᠣᠯᠠᠯ ᠤᠨ ᠦᠢᠯᠡ ᠠᠵᠢᠯᠯᠠᠭ᠎ᠠ ᠪᠣᠯᠪᠠ


ᠴᠠᠬᠢᠮ ᠬᠥᠭᠵᠢᠯ᠂ ᠬᠠᠷᠢᠯᠴᠠᠭ᠎ᠠ ᠬᠣᠯᠪᠣᠭᠠᠨ ᠊ᠤ ᠶᠠᠮᠤ᠂ ᠲᠥᠷᠥ ᠊ᠢᠢᠨ ᠠᠯᠪᠠᠨ ᠊ᠤ ᠵᠥᠪᠯᠡᠯ ᠤᠨ ᠴᠠᠬᠢᠮ ᠬᠥᠭᠵᠢᠯ᠂ ᠬᠠᠷᠢᠯᠴᠠᠭ᠎ᠠ ᠬᠣᠯᠪᠣᠭᠠᠨ ᠊ᠤ ᠶᠠᠮᠤᠨ ᠊ᠤ ᠳᠡᠷᠭᠡᠳᠡᠬᠢ ᠰᠠᠯᠪᠤᠷᠢ ᠵᠥᠪᠯᠡᠯ ᠡᠴᠡ ᠲᠥᠷᠥ ᠊ᠢᠢᠨ ᠵᠠᠬᠢᠷᠭᠠᠨ ᠊ᠤ ᠠᠯᠪᠠᠨ ᠊ᠳᠤ ᠠᠩᠬ᠎ᠠ ᠲᠣᠮᠢᠯᠠᠭᠳᠠᠭᠰᠠᠨ ᠠᠯᠪᠠᠨ ᠬᠠᠭᠠᠭᠴᠢᠳ ᠊ᠢ ᠲᠥᠷᠥ ᠊ᠢᠢᠨ ᠵᠢᠩᠬᠢᠨᠢ ᠠᠯᠪᠠᠨ ᠊ᠤ ᠲᠠᠩᠭᠠᠷᠢᠭ ᠥᠷᠭᠥᠭᠦᠯᠬᠦ ᠦᠢᠯᠡ ᠠᠵᠢᠯᠯᠠᠭ᠎ᠠ ᠊ᠢᠢ ᠥᠨᠥᠳᠥᠷ (᠒᠐᠒᠓.᠑᠒.᠒᠘ ) ᠵᠣᠬᠢᠶᠠᠨ ᠪᠠᠶᠢᠭᠤᠯᠤᠯ᠎ᠠ᠃

ᠲᠠᠩᠭᠠᠷᠢᠭ ᠡᠷᠭᠦᠬᠦ ᠶᠣᠰᠣᠯᠠᠯ ᠤᠨ ᠠᠷᠭ᠎ᠠ ᠬᠡᠮᠵᠢᠶᠡᠨ ᠊ᠳᠦ ᠼᠠ᠊ ᠬᠥ᠊ ᠬᠠ᠊ ᠬᠣ᠊- ᠍᠊ᠤ ᠳᠡᠳ᠋ ᠰᠠᠶᠢᠳ ᠵ ∙ ᠡᠷᠬᠢᠮᠪᠠᠭᠠᠲᠤᠷ ᠪᠣᠯᠤᠨ ᠼᠠ᠊ ᠬᠥ᠊ ᠬᠠ᠊ ᠬᠣ᠊ ᠎᠎᠎ᠶᠠ᠊-᠊ᠤ ᠲᠥᠷᠥ ᠊ᠢᠢᠨ ᠨᠠᠷᠢᠨ ᠪᠢᠴᠢᠭ ᠤᠨ ᠳᠠᠷᠤᠭ᠎ᠠ᠂ ᠲᠥᠷᠥ ᠊ᠢᠢᠨ ᠠᠯᠪᠠᠨ ᠊ᠤ ᠵᠥᠪᠯᠡᠯ ᠤᠨ ᠼᠠ᠊ ᠬᠥ᠊ ᠬᠠ᠊ ᠬᠣ᠊- ᠍᠊ᠤ ᠳᠡᠷᠭᠡᠳᠡᠬᠢ ᠰᠠᠯᠪᠤᠷᠢ ᠵᠥᠪᠯᠡᠯ ᠤᠨ ᠳᠠᠷᠤᠭ᠎ᠠ ᠪ ∙ ᠪᠠᠲᠤᠴᠡᠴᠡᠭ ᠨᠠᠷ ᠣᠷᠣᠯᠴᠠᠨ᠂ ᠲᠥᠷᠥ ᠊ᠢᠢᠨ ᠵᠢᠩᠬᠢᠨᠢ ᠠᠯᠪᠠᠨ ᠬᠠᠭᠠᠭᠴᠢ ᠪᠣᠯᠵᠤ᠂ ᠲᠥᠷᠥ ᠊ᠢᠢᠨ ᠠᠯᠪᠠᠨ ᠊ᠤ ᠨᠡᠷ᠎ᠡ ᠬᠦᠨᠳᠦᠲᠡᠢ᠂ ᠠᠮᠠᠷ ᠦᠭᠡᠢ᠂ ᠬᠠᠷᠢᠭᠤᠴᠠᠯᠭ᠎ᠠ ᠲᠠᠢ ᠠᠯᠪᠠ ᠊ᠢᠢ ᠬᠠᠰᠢᠬᠤ ᠪᠠᠷ ᠲᠠᠩᠭᠠᠷᠢᠭ ᠡᠷᠭᠦᠵᠦ ᠪᠤᠢ ᠨᠡᠶᠢᠲᠡ ᠠᠯᠪᠠᠨ ᠬᠠᠭᠠᠭᠴᠢᠳ ᠲᠤ ᠪᠠᠶᠠᠷ ᠬᠦᠷᠭᠡᠨ᠂ ᠠᠵᠢᠯ ᠤᠨ ᠠᠮᠵᠢᠯᠲᠠ ᠬᠦᠰᠡᠯ᠎ᠡ᠃

ᠲᠥᠷᠦ ᠊ᠢᠢᠨ ᠵᠢᠩᠬᠢᠨᠢ ᠠᠯᠪᠠᠨ ᠊ᠤ ᠭᠦᠢᠴᠡᠳᠭᠡᠬᠦ ᠠᠯᠪᠠᠨ ᠲᠤᠰᠢᠶᠠᠯ ᠤᠨ ᠲᠤᠰᠬᠠᠢ ᠰᠢᠯᠭᠠᠯᠲᠠ ᠊ᠳᠤ ᠲᠡᠩᠴᠡᠨ᠂ ᠲᠥᠷᠦ ᠊ᠢᠢᠨ ᠵᠠᠬᠢᠷᠭᠠᠨ ᠊ᠤ ᠠᠯᠪᠠᠨ ᠲᠤᠰᠢᠶᠠᠯ ᠊ᠳᠤ ᠠᠩᠬ᠎ᠠ ᠲᠣᠮᠢᠯᠠᠭᠳᠠᠨ ᠠᠵᠢᠯᠯᠠᠵᠤ ᠪᠤᠢ ᠼᠠ᠊ ᠬᠥ᠊ ᠬᠠ᠊ ᠬᠣ᠊ ᠶᠠ᠊ ᠪᠣᠯᠤᠨ ᠲᠥᠷᠦ ᠊ᠢᠢᠨ ᠴᠠᠬᠢᠮ ᠦᠢᠯᠡᠴᠢᠯᠡᠭᠡᠨ ᠊ᠤ ᠵᠣᠬᠢᠴᠠᠭᠤᠯᠤᠯᠲᠠ ᠊ᠢᠢᠨ ᠭᠠᠵᠠᠷ ᠤᠨ ᠨᠡᠶᠢᠲᠡ ᠖ ᠠᠯᠪᠠᠨ ᠬᠠᠭᠠᠭᠴᠢ ᠲᠠᠩᠭᠠᠷᠢᠭ ᠡᠷᠭᠦᠪᠡ᠃

ᠨᠡᠶᠢᠲᠡᠯᠡᠭᠰᠡᠨ᠄