ᠢᠷᠭᠡᠨ ᠲᠥᠪ ᠲᠡᠢ᠂ ᠬᠦᠮᠦᠨ ᠊ᠢᠢᠡᠨ ᠪᠣᠳᠣᠭᠰᠠᠨ᠂ ᠦᠢᠯᠡᠴᠢᠯᠡᠭᠦᠯᠦᠭᠴᠢ ᠪᠡᠨ ᠳᠡᠮᠵᠢᠭᠰᠡᠨ ᠴᠠᠬᠢᠮ ᠰᠢᠯᠵᠢᠯᠲᠡ ᠡᠷᠡᠭᠦᠯ ᠮᠡᠨᠳᠦ ᠊ᠢᠢᠨ ᠰᠠᠯᠪᠤᠷᠢ ᠊ᠳᠤ ᠬᠡᠷᠡᠭᠲᠡᠢ ᠪᠠᠶᠢᠨ᠎ᠠ


ᠮᠣᠩᠭᠣᠯ ᠤᠯᠤᠰ ᠤᠨ ᠶᠡᠷᠦᠩᠬᠡᠢ ᠰᠠᠶᠢᠳ ᠤᠨ ᠵᠠᠬᠢᠷᠤᠮᠵᠢ ᠪᠠᠷ ᠪᠠᠶᠢᠭᠤᠯᠤᠭᠳᠠᠭᠰᠠᠨ ᠡᠷᠡᠭᠦᠯ ᠮᠡᠨᠳᠦ ᠊ᠢᠢᠨ ᠰᠠᠯᠪᠤᠷᠢ ᠊ᠢᠢᠨ ᠴᠠᠬᠢᠮ ᠰᠢᠯᠵᠢᠯᠲᠡ ᠊ᠢᠢ ᠡᠷᠴᠢᠮᠵᠢᠭᠦᠯᠬᠦ ᠠᠵᠢᠯ ᠤᠨ ᠬᠡᠰᠡᠭ ᠊ᠢ ᠴᠠᠬᠢᠮ ᠬᠥᠭᠵᠢᠯ᠂ ᠬᠠᠷᠢᠯᠴᠠᠭ᠎ᠠ ᠬᠣᠯᠪᠣᠭᠠᠨ ᠊ᠤ ᠰᠠᠶᠢᠳ ᠨ ∙ ᠤᠴᠠᠷᠠᠯ ᠠᠬᠠᠯᠠᠨ ᠠᠵᠢᠯᠯᠠᠵᠤ ᠪᠠᠶᠢᠨ᠎ᠠ᠃

ᠡᠷᠡᠭᠦᠯ ᠮᠡᠨᠳᠦ ᠊ᠢᠢᠨ ᠰᠠᠯᠪᠤᠷᠢ ᠊ᠢᠢᠨ ᠴᠠᠬᠢᠮ ᠰᠢᠯᠵᠢᠯᠲᠡ ᠊ᠢᠢ ᠡᠷᠴᠢᠮᠵᠢᠭᠦᠯᠬᠦ ᠠᠵᠢᠯ ᠤᠨ ᠬᠦᠷᠢᠶᠡᠨ ᠊ᠳᠦ ᠰᠢᠰᠲ᠋ᠧᠮ ᠬᠣᠭᠣᠷᠣᠨᠳᠣ ᠮᠡᠳᠡᠭᠡᠯᠡᠯ ᠰᠤᠯᠢᠯᠴᠠᠬᠤ ᠪᠣᠯᠤᠮᠵᠢ ᠊ᠢᠢ ᠪᠦᠷᠢᠳᠦᠭᠦᠯᠬᠦ ᠠᠰᠠᠭᠤᠳᠠᠯ ᠢ ᠰᠤᠳᠤᠯᠵᠤ ᠪᠣᠯᠪᠠᠰᠤᠷᠠᠭᠤᠯᠤᠨ ᠲᠠᠨᠢᠯᠴᠠᠭᠤᠯᠬᠤ ᠬᠤᠷᠠᠯ ᠊ᠢ ᠥᠨᠥᠳᠥᠷ ᠼᠠ᠊ ᠬᠥ᠊ ᠬᠠ᠊ ᠬᠣ᠊ ᠶᠠ᠊- ᠊ᠳᠦ ᠵᠣᠬᠢᠶᠠᠨ ᠪᠠᠶᠢᠭᠤᠯᠤᠯ᠎ᠠ᠃

ᠬᠤᠷᠠᠯᠳᠤᠭᠠᠨ ᠊ᠳᠤ ᠡᠷᠡᠭᠦᠯ ᠮᠡᠨᠳᠦ ᠊ᠢᠢᠨ ᠰᠠᠶᠢᠳ ᠰ ∙ ᠴᠢᠩᠵᠣᠷᠢᠭ ᠪᠣᠯᠤᠨ ᠼᠠ᠊ ᠬᠥ᠊ ᠬᠠ᠊ ᠬᠣ᠊-᠊ᠤ ᠰᠠᠶᠢᠳ ᠨ ∙ ᠤᠴᠠᠷᠠᠯ᠂ ᠮᠣᠩᠭᠣᠯ ᠤᠯᠤᠰ ᠤᠨ ᠶᠡᠷᠦᠩᠬᠡᠢ ᠰᠠᠶᠢᠳ ᠤᠨ ᠵᠦᠪᠯᠡᠬᠦ ᠴ ∙ ᠪᠣᠯᠣᠷᠲᠤᠶᠠᠭ᠎ᠠ᠂ ᠮᠣᠩᠭᠣᠯ ᠤᠯᠤᠰ ᠤᠨ ᠶᠡᠷᠦᠩᠬᠡᠢ ᠰᠠᠶᠢᠳ ᠤᠨ ᠵᠦᠪᠳᠡᠬᠦ ᠪ ∙ ᠪᠠᠲᠤᠪᠠᠭᠠᠲᠤᠷ᠂ ᠡᠷᠡᠭᠦᠯ ᠮᠡᠨᠳᠦ ᠊ᠢᠢᠨ ᠶᠠᠮᠤ ᠪᠣᠯᠤᠨ ᠼᠠ᠊ ᠬᠥ᠊ ᠬᠠ᠊ ᠬᠣ᠊ ᠶᠠ᠊-᠊ᠤ ᠤᠳᠤᠷᠢᠳᠤᠯᠭ᠎ᠠ ᠨᠤᠭᠤᠳ᠂ ᠠᠵᠢᠯ ᠤᠨ ᠬᠡᠰᠡᠭ ᠤᠨ ᠭᠡᠰᠢᠭᠦᠳ ᠣᠷᠣᠯᠴᠠᠯ᠎ᠠ᠃

ᠴᠠᠬᠢᠮ ᠰᠢᠯᠵᠢᠯᠲᠡ ᠊ᠢᠢᠨ ᠬᠠᠮᠤᠭ ᠤᠨ ᠶᠡᠬᠡ ᠰᠢᠭᠦᠮᠵᠢᠯᠡᠯ ᠳᠠᠭᠠᠭᠤᠯᠵᠤ ᠪᠤᠢ ᠰᠠᠯᠪᠤᠷᠢ ᠪᠣᠯ ᠡᠷᠡᠭᠦᠯ ᠮᠡᠨᠳᠦ ᠊ᠢᠢᠨ ᠰᠠᠯᠪᠤᠷᠢ᠃ ᠢᠷᠭᠡᠨ ᠪᠦᠷᠢ ᠊ᠢᠢᠨ ᠠᠵᠤ ᠠᠮᠢᠳᠤᠷᠠᠯ ᠊ᠳᠤ ᠡᠳᠦᠷ ᠲᠤᠲᠤᠮ ᠮᠡᠳᠡᠷᠡᠭᠳᠡᠵᠦ᠂ ᠬᠦᠨᠳᠦ ᠰᠤᠷᠲᠠᠯ᠂ ᠰᠤᠯᠠ ᠲᠠᠯ᠎ᠠ ᠨᠢ ᠬᠦᠮᠦᠨ ᠪᠦᠷᠢ ᠊ᠳᠦ ᠬᠦᠨᠳᠦᠷᠡᠯ ᠡᠭᠦᠰᠬᠡᠵᠦ ᠪᠠᠶᠢᠳᠠᠭ ᠲᠤᠯᠠ ᠲᠤᠰ ᠰᠠᠯᠪᠤᠷᠢ ᠊ᠢᠢᠨ ᠴᠠᠬᠢᠮ ᠰᠢᠯᠵᠢᠯᠲᠡ ᠊ᠢᠢ ᠡᠷᠴᠢᠮᠵᠢᠭᠦᠯᠬᠦ ᠨᠢ ᠲᠤᠯᠭᠠᠮᠳᠠᠭᠰᠠᠨ ᠠᠰᠠᠭᠤᠳᠠᠯ ᠲᠤᠯᠠ ᠬᠢᠮᠤᠷᠠᠯ ᠤᠨ ᠦᠶ᠎ᠡ ᠊ᠢᠢᠨ ᠵᠣᠬᠢᠶᠠᠨ ᠪᠠᠶᠢᠭᠤᠯᠤᠯᠲᠠ ᠪᠠᠷ ᠠᠵᠢᠯᠯᠠᠬᠤ᠂ ᠣᠨᠴᠠᠭᠠᠢ ᠠᠩᠬᠠᠷᠴᠤ ᠪᠣᠳᠠᠲᠤ ᠦᠷ᠎ᠡ ᠳᠦᠩ ᠳᠦ ᠬᠦᠷᠬᠦ ᠶᠣᠰᠣᠲᠠᠢ ᠊ᠢᠢ ᠼᠠ᠊ ᠬᠥ᠊ ᠬᠠ᠊ ᠬᠣ᠊-᠊ᠤ ᠰᠠᠶᠶᠳ ᠨ∙ ᠤᠴᠠᠷᠠᠯ ᠠᠵᠢᠯ ᠤᠨ ᠬᠡᠰᠡᠭ ᠤᠨ ᠭᠡᠰᠢᠭᠦᠳ ᠲᠦ ᠰᠠᠨᠠᠭᠤᠯᠤᠯ᠎ᠠ᠃

ᠮᠥᠨ ᠡᠷᠡᠭᠦᠯ ᠮᠡᠨᠳᠦ ᠤᠨ ᠰᠠᠶᠢᠳ ᠰ ∙ ᠴᠢᠩᠵᠣᠷᠢᠭ ᠡᠷᠡᠭᠦᠯ ᠮᠡᠨᠳᠦ ᠊ᠢᠢᠨ ᠰᠠᠯᠪᠤᠷᠢ ᠊ᠳᠤ ᠰᠢᠨᠡᠴᠢᠯᠡᠯ ᠠᠪᠴᠤ ᠢᠷᠡᠬᠦ ᠠᠯᠢᠪᠠ ᠴᠠᠬᠢᠮ ᠰᠢᠢᠳᠦᠯ ᠢ ᠪᠦᠬᠦ ᠬᠦᠴᠦ ᠪᠡᠷ ᠊ᠢᠢᠡᠨ ᠳᠡᠮᠵᠢᠨ ᠬᠠᠮᠲᠤᠷᠠᠨ ᠠᠵᠢᠯᠯᠠᠬᠤ ᠪᠠᠨ ᠢᠯᠡᠷᠬᠡᠶᠢᠯᠡᠵᠦ᠂ ᠴᠠᠬᠢᠮ ᠰᠢᠯᠵᠢᠯᠲᠡ ᠊ᠢᠢ ᠡᠷᠴᠢᠮᠵᠢᠭᠦᠯᠬᠦ ᠠᠵᠢᠯ ᠤᠨ ᠬᠡᠰᠡᠭ ᠤᠨ ᠦᠢᠯᠡ ᠠᠵᠢᠯᠯᠠᠭᠠᠨ ᠊ᠤ ᠦᠷ᠎ᠡ ᠳ᠋ᠦᠩ ᠊ᠳᠦ ᠡᠷᠡᠭᠦᠯ ᠮᠡᠨᠳᠦ ᠊ᠢᠢᠨ ᠰᠠᠯᠪᠤᠷᠢ ᠊ᠳᠤ ᠲᠤᠯᠭᠠᠮᠳᠠᠭᠰᠠᠨ ᠣᠯᠠᠨ ᠠᠰᠠᠭᠤᠳᠠᠯ ᠰᠢᠢᠳᠦᠭᠳᠡᠨ᠎ᠡ ᠭᠡᠰᠡᠨ ᠬᠦᠯᠢᠶᠡᠯᠲᠡ ᠲᠡᠢ ᠪᠠᠶᠢᠭ᠎ᠠ ᠪᠠᠨ ᠢᠯᠡᠷᠬᠡᠶᠢᠯᠡᠯ᠎ᠡ᠃

ᠡᠷᠡᠭᠦᠯ ᠮᠡᠨᠳᠦ ᠊ᠢᠢᠨ ᠰᠠᠯᠪᠤᠷᠢ ᠊ᠢᠢᠨ ᠴᠠᠬᠢᠮ ᠰᠢᠯᠵᠢᠯᠲᠡ ᠊ᠢᠢ ᠡᠷᠴᠢᠮᠵᠢᠭᠦᠯᠬᠦ ᠠᠵᠢᠯ ᠤᠨ ᠬᠡᠰᠡᠭ ᠤᠨ ᠦᠢᠯᠡ ᠠᠵᠢᠯᠯᠠᠭᠠᠨ ᠊ᠤ ᠦᠷ᠎ᠡ ᠳ᠋ᠦᠩ ᠤᠨ ᠲᠤᠬᠠᠢ ᠪᠣᠯᠤᠨ ᠨᠡᠪᠲᠡᠷᠡᠭᠦᠯᠵᠦ ᠪᠤᠢ ᠰᠢᠢᠳᠦᠯ ᠣᠳ ᠤᠨ ᠲᠤᠬᠠᠢ ᠮᠡᠳᠡᠭᠡᠯᠡᠯ ᠊ᠢ ᠲᠠ ᠪᠦᠬᠦᠨ ᠊ᠳᠦ ᠲᠣᠭᠲᠠᠮᠠᠯ ᠮᠡᠳᠡᠭᠡᠯᠡᠯᠡᠬᠦ ᠪᠣᠯᠤᠨ᠎ᠠ᠃

ᠨᠡᠶᠢᠲᠡᠯᠡᠭᠰᠡᠨ᠄