《ᠺᠢᠪᠧᠷ ᠠᠶᠤᠯ ᠦᠭᠡᠢ ᠪᠠᠶᠢᠳᠠᠯ ᠤᠨ ᠲᠥᠯᠦᠪᠯᠡᠯᠲᠡ ᠊ᠢᠢᠨ ᠵᠠᠭᠪᠤᠷ ᠰᠲ᠋ᠠᠨᠳᠠᠷᠲ-᠒᠐᠒᠔》ᠰᠧᠮᠢᠨᠠᠷ ᠵᠣᠬᠢᠶᠠᠨ ᠪᠠᠶᠢᠭᠤᠯᠤᠭᠳᠠᠵᠤ ᠪᠠᠶᠢᠨ᠎ᠠ


ᠴᠠᠬᠢᠮ ᠬᠥᠭᠵᠢᠯ᠂ ᠬᠠᠷᠢᠯᠴᠠᠭ᠎ᠠ ᠬᠣᠯᠪᠣᠭᠠᠨ ᠊ᠤ ᠶᠠᠮᠤ ᠶᠠᠫᠣᠨ ᠊ᠤ ᠣᠯᠠᠨ ᠤᠯᠤᠰ ᠤᠨ ᠬᠠᠮᠲᠤ ᠊ᠢᠢᠨ ᠠᠵᠢᠯᠯᠠᠭᠠᠨ ᠊ᠤ ᠪᠠᠶᠢᠭᠤᠯᠤᠯᠭ᠎ᠠ (ᠵ᠎ᠠᠺᠠ) ᠍ ᠲᠠᠢ ᠬᠠᠮᠲᠤᠷᠠᠨ 《ᠺᠢᠪᠧᠷ ᠠᠶᠤᠯ ᠦᠭᠡᠢ ᠪᠠᠶᠢᠳᠠᠯ ᠤᠨ ᠬᠦᠮᠦᠨ ᠊ᠤ ᠨᠥᠭᠡᠴᠡ ᠊ᠢᠢ ᠬᠥᠭᠵᠢᠭᠦᠯᠬᠦ ᠲᠥᠰᠥᠯ》 ᠍ ᠢ ᠬᠡᠷᠡᠭᠵᠢᠭᠦᠯᠦᠨ ᠠᠵᠢᠯᠯᠠᠵᠤ ᠪᠠᠶᠢᠨ᠎ᠠ᠃ ᠡᠨᠡᠬᠦ ᠬᠠᠮᠲᠤ ᠊ᠢᠢᠨ ᠠᠵᠢᠯᠯᠠᠭᠠᠨ ᠊ᠤ ᠬᠦᠷᠢᠶᠡᠨ ᠊ᠳᠦ ᠥᠨᠥᠳᠥᠷ (᠒᠐᠒᠔.᠐᠑.᠒᠕) 《ᠺᠢᠪᠧᠷ ᠠᠶᠤᠯ ᠦᠭᠡᠢ ᠪᠠᠶᠢᠳᠠᠯ ᠤᠨ ᠲᠥᠯᠥᠪᠯᠡᠯᠲᠡ ᠊ᠢᠢᠨ ᠵᠠᠭᠪᠤᠷ ᠰᠲ᠋ᠠᠨᠳᠠᠷᠲ-᠒᠐᠒᠔》 ᠡᠭᠡᠯᠵᠢᠲᠦ ᠰᠧᠮᠢᠨᠠᠷ ᠢ ᠵᠣᠬᠢᠶᠠᠨ ᠪᠠᠶᠢᠭᠤᠯᠵᠤ ᠪᠠᠶᠢᠨ᠎ᠠ᠃

ᠰᠧᠮᠢᠨᠠᠷ ᠊ᠢ ᠨᠡᠭᠡᠭᠡᠵᠦ ᠼᠠ᠊ ᠬᠥ᠊ ᠬᠠ᠊ ᠬᠣ᠊-᠊ᠤ ᠺᠢᠪᠧᠷ ᠠᠶᠤᠯ ᠦᠭᠡᠢ ᠪᠠᠶᠢᠳᠠᠯ ᠤᠨ ᠪᠣᠳᠣᠯᠭ᠎ᠠ ᠊ᠢᠢᠨ ᠬᠡᠷᠡᠭᠵᠢᠯᠲᠡ ᠊ᠢᠢ ᠵᠣᠬᠢᠴᠠᠭᠤᠯᠬᠤ ᠭᠠᠵᠠᠷ ᠤᠨ ᠳᠠᠷᠤᠭ᠎ᠠ ᠡ᠊ ∙ ᠨᠠᠰᠤᠨᠪᠠᠠᠳᠤ ᠦᠭᠡ ᠬᠡᠯᠡᠨ᠂ ᠮᠣᠩᠭᠣᠯ ᠤᠯᠤᠰ ᠤᠨ ᠵᠠᠰᠠᠭ ᠤᠨ ᠭᠠᠵᠠᠷ ᠡᠴᠠ ᠺᠢᠪᠧᠷ ᠠᠶᠤᠯ ᠦᠭᠡᠢ ᠪᠠᠶᠢᠳᠠᠯ ᠤᠨ ᠴᠢᠭᠯᠡᠯ ᠊ᠢᠢᠡᠷ ᠪᠠᠷᠢᠮᠲᠠᠯᠠᠵᠤ ᠪᠤᠢ ᠰᠲᠷᠠᠲ᠋ᠧᠭᠢ᠂ ᠦᠢᠯᠡ ᠠᠵᠢᠯᠯᠠᠭᠠᠨ ᠊ᠤ ᠲᠠᠯ᠎ᠠ ᠪᠠᠷ ᠲᠠᠨᠢᠯᠴᠠᠭᠤᠯᠤᠯ᠎ᠠ᠃

ᠮᠥᠨ 《ᠺᠢᠪᠧᠷ ᠠᠶᠤᠯ ᠦᠭᠡᠢ ᠪᠠᠶᠢᠳᠠᠯ ᠤᠨ ᠬᠦᠮᠦᠨ ᠊ᠤ ᠨᠥᠭᠡᠴᠡ ᠊ᠢᠢ ᠬᠥᠭᠵᠢᠭᠦᠯᠬᠦ ᠲᠥᠰᠥᠯ》ᠤᠨ ᠵᠣᠬᠢᠴᠠᠭᠤᠯᠤᠭᠴᠢ ᠹᠦᠵᠢᠪᠠᠷᠠ ᠠᠢ ᠲᠥᠰᠥᠯ ᠤᠨ ᠬᠦᠷᠢᠶᠡᠨ ᠊ᠳᠦ ᠬᠡᠷᠡᠭᠵᠢᠭᠦᠯᠵᠦ ᠪᠤᠢ ᠠᠵᠢᠯ᠂ ᠴᠢᠨᠠᠭᠰᠢᠳᠠ ᠬᠡᠷᠡᠭᠵᠢᠭᠦᠯᠬᠦ ᠠᠷᠭ᠎ᠠ ᠬᠡᠮᠵᠢᠶᠡᠨ ᠊ᠤ ᠲᠠᠯ᠎ᠠ ᠪᠠᠷ ᠮᠡᠳᠡᠭᠡᠯᠡᠯ ᠬᠢᠪᠡ᠃

ᠺᠢᠪᠧᠷ ᠠᠶᠤᠯ ᠦᠭᠡᠢ ᠪᠠᠶᠢᠳᠠᠯ ᠤᠨ ᠴᠢᠭᠯᠡᠯ ᠊ᠢᠢᠡᠷ ᠣᠯᠠᠨ ᠤᠯᠤᠰ ᠲᠤ ᠬᠡᠷᠡᠭᠵᠢᠳᠡᠭ ᠰᠲ᠋ᠠᠨᠳᠠᠷᠲ᠂ ᠪᠠᠷᠢᠮᠲᠠ ᠪᠢᠴᠢᠭ ᠊ᠢ ᠲᠠᠨᠢᠭᠤᠯᠬᠤ ᠵᠣᠷᠢᠯᠭ᠎ᠠ ᠲᠠᠢ ᠡᠨᠡᠬᠦ ᠰᠧᠮᠢᠨᠠᠷ ᠊ᠳᠤ ᠲᠥᠷᠥ ᠊ᠢᠢᠨ ᠵᠠᠬᠢᠷᠭᠠᠨ ᠊ᠤ ᠣᠨᠴᠠ ᠴᠢᠬᠤᠯᠠ ᠮᠡᠳᠡᠭᠡᠯᠡᠯ ᠤᠨ ᠳᠡᠳ᠋ ᠪᠦᠲᠦᠴᠡ ᠲᠡᠢ ᠪᠠᠶᠢᠭᠤᠯᠤᠯᠭ᠎ᠠ᠂ ᠶᠡᠬᠡ ᠳᠡᠭᠡᠳᠦ ᠰᠤᠷᠭᠠᠭᠤᠯᠢ ᠊ᠢᠢᠨ ᠺᠢᠪᠧᠷ ᠠᠶᠤᠯ ᠦᠭᠡᠢ ᠪᠠᠶᠢᠳᠠᠯ ᠤᠨ ᠠᠰᠠᠭᠤᠳᠠᠯ ᠬᠠᠷᠢᠭᠤᠴᠠᠭᠰᠠᠨ ᠨᠡᠶᠢᠲᠡ ᠑᠐᠐ ᠭᠠᠷᠤᠢ ᠠᠯᠪᠠᠨ ᠬᠠᠭᠠᠭᠴᠢ ᠣᠷᠣᠯᠴᠠᠵᠤ ᠪᠠᠶᠢᠨ᠎ᠠ᠃

ᠨᠡᠶᠢᠲᠡᠯᠡᠭᠰᠡᠨ᠄