ᠴᠠᠬᠢᠮ ᠬᠥᠭᠵᠢᠯ᠂ ᠬᠠᠷᠢᠯᠴᠠᠭ᠎ᠠ ᠬᠣᠯᠪᠣᠭᠠᠨ ᠊ᠤ ᠰᠠᠶᠢᠳ ᠨ ∙ ᠤᠴᠠᠷᠠᠯ 《ᠳᠡᠯᠡᠬᠡᠢ ᠊ᠢᠢᠨ ᠵᠠᠰᠠᠭ ᠤᠨ ᠭᠠᠵᠠᠷ ᠤᠳ ᠤᠨ ᠳᠡᠭᠡᠳᠦ ᠲᠦᠪᠰᠢᠨ ᠊ᠤ ᠠᠭᠤᠯᠵᠠᠯᠲᠠ》 ᠍᠊ᠳᠤ ᠣᠷᠣᠯᠴᠠᠵᠤ ᠪᠠᠶᠢᠨ᠎ᠠ


ᠴᠠᠬᠢᠮ ᠬᠥᠭᠵᠢᠯ᠂ ᠬᠠᠷᠢᠯᠴᠠᠭ᠎ᠠ ᠬᠣᠯᠪᠣᠭᠠᠨ ᠊ᠤ ᠰᠠᠶᠢᠳ ᠨ ∙ ᠤᠴᠠᠷᠠᠯ ᠒᠐᠒᠔ ᠣᠨ ᠊ᠤ ᠒ ᠳ᠋ᠤᠭᠠᠷ ᠰᠠᠷ᠎ᠠ ᠊ᠢᠢᠨ ᠑᠒-᠑᠔ ᠍ ᠊ᠤ ᠡᠳᠦᠷ ᠤᠳ ᠲᠦ ᠳᠤᠪᠠᠢ ᠬᠣᠲᠠᠨ ᠊ᠢᠢᠠᠨ ᠵᠣᠬᠢᠶᠠᠨ ᠪᠠᠶᠢᠭᠤᠯᠤᠭᠳᠠᠵᠤ ᠪᠤᠢ 《ᠳᠡᠯᠡᠬᠡᠢ ᠊ᠢᠢᠨ ᠵᠠᠰᠠᠭ ᠤᠨ ᠭᠠᠵᠠᠷ ᠤᠳ ᠤᠨ ᠳᠡᠭᠡᠳᠦ ᠲᠦᠪᠰᠢᠨ ᠊ᠤ ᠠᠭᠤᠯᠵᠠᠯᠲᠠ》 ᠍᠊ᠳᠤ ᠮᠣᠩᠭᠣᠯ ᠤᠯᠤᠰ ᠤᠨ ᠵᠠᠰᠠᠭ ᠤᠨ ᠭᠠᠵᠠᠷ ᠢ ᠲᠥᠯᠦᠭᠡᠯᠡᠨ ᠵᠣᠬᠢᠶᠠᠨ ᠪᠠᠶᠢᠭᠤᠯᠤᠭᠴᠢ ᠲᠠᠯ᠎ᠠ ᠊ᠢᠢᠨ ᠤᠷᠢᠯᠭ᠎ᠠ ᠪᠠᠷ ᠠᠩᠬ᠎ᠠ ᠤᠳᠠᠭ᠎ᠠ ᠣᠷᠣᠯᠴᠠᠵᠤ ᠪᠠᠶᠢᠨ᠎ᠠ᠃

ᠰᠠᠶᠢᠳ ᠨ᠃ ᠤᠴᠠᠷᠠᠯ ᠳᠡᠭᠡᠳᠦ ᠲᠦᠪᠰᠢᠨ ᠊ᠤ ᠠᠭᠤᠯᠵᠠᠯᠲᠠ ᠊ᠢᠢᠨ ᠬᠦᠷᠢᠶᠡᠨ ᠊ᠳᠦ 《ᠴᠠᠬᠢᠮ ᠰᠢᠯᠵᠢᠯᠲᠡ-ᠢᠷᠡᠭᠡᠳᠦᠢ ᠊ᠢᠢᠨ ᠵᠠᠮᠨᠠᠯ》 ᠪᠣᠯᠤᠨ 《ᠴᠠᠬᠢᠮ ᠵᠠᠰᠠᠭ ᠤᠨ ᠭᠠᠵᠠᠷ-ᠪᠣᠳᠠᠲᠤ ᠠᠮᠢᠳᠤᠷᠠᠯ ᠊ᠳᠤ ᠬᠡᠷᠡᠭᠵᠢᠬᠦ ᠨᠢ》 ᠰᠡᠳᠦᠪᠲᠦ ᠰᠠᠶᠢᠳ ᠨᠠᠷ ᠤᠨ ᠲᠦᠪᠰᠢᠨ ᠊ᠤ ᠬᠡᠯᠡᠯᠴᠡᠭᠦᠯᠭᠡ ᠨᠦᠭᠦᠳ ᠲᠦ ᠣᠷᠣᠯᠴᠠᠵᠤ᠂ ᠮᠣᠩᠭᠣᠯ ᠤᠯᠤᠰ ᠤᠨ ᠴᠠᠬᠢᠮ ᠰᠢᠯᠵᠢᠯᠲᠡ ᠊ᠢᠢᠨ ᠪᠣᠳᠣᠯᠭ᠎ᠠ᠂ ᠵᠣᠷᠢᠯᠲᠠ᠂ ᠰᠠᠶᠢᠨ ᠲᠤᠷᠰᠢᠯᠭ᠎ᠠ ᠡᠴᠠ ᠬᠤᠪᠢᠶᠠᠯᠴᠠᠪᠠ᠃

ᠮᠥᠨ ᠡᠨᠡ ᠦᠶ᠎ᠡ ᠪᠡᠷ ᠲᠡᠷᠡ ᠪᠡᠷ ᠠᠷᠠᠪ ᠤᠨ ᠨᠢᠭᠡᠳᠦᠭᠰᠡᠨ ᠡᠮᠢᠷᠲ ᠤᠯᠤᠰ ᠤᠨ ᠬᠢᠮᠡᠯ ᠣᠶᠤᠨ ᠤᠬᠠᠭᠠᠨ᠂ ᠴᠠᠬᠢᠮ ᠡᠳ᠋ ᠍ ᠊ᠢᠢᠨ ᠵᠠᠰᠠᠭ᠂ ᠵᠠᠶᠢᠨ ᠊ᠤ ᠬᠥᠳᠡᠯᠮᠦᠷᠢ ᠡᠷᠬᠢᠯᠡᠯᠲᠡ ᠊ᠢᠢᠨ ᠠᠰᠠᠭᠤᠳᠠᠯ ᠬᠠᠷᠢᠭᠤᠴᠠᠭᠰᠠᠨ ᠲᠥᠷᠥ ᠊ᠢᠢᠨ ᠰᠠᠶᠢᠳ ᠣᠮᠠᠷ ᠰᠤᠯᠲᠠᠨ ᠠᠯᠢ-ᠣᠯᠤᠮ ᠲᠠᠢ ᠥᠩᠭᠡᠷᠡᠭᠰᠡᠨ ᠑᠑ ᠳᠦᠭᠡᠷ ᠰᠠᠷ᠎ᠠ ᠊ᠳᠤ ᠬᠣᠶᠠᠷ ᠲᠠᠯ᠎ᠠ ᠊ᠢᠢᠨ ᠠᠭᠤᠯᠵᠠᠯᠲᠠ ᠬᠢᠵᠦ᠂ ᠬᠢᠮᠡᠯ ᠣᠶᠤᠨ ᠤᠬᠠᠭᠠᠨ ᠊ᠤ ᠰᠠᠯᠪᠤᠷᠢ ᠊ᠳᠤ ᠬᠠᠮᠲᠤᠷᠠᠨ ᠠᠵᠢᠯᠯᠠᠬᠤ ᠪᠠᠷ ᠲᠣᠬᠢᠷᠠᠭᠰᠠᠨ ᠊ᠤ ᠳᠠᠭᠠᠤ 《ᠬᠢᠮᠡᠯ ᠣᠶᠤᠨ ᠤᠬᠠᠭᠠᠨ ᠊ᠤ ᠰᠠᠯᠪᠤᠷᠢ ᠊ᠳᠤ ᠬᠠᠮᠲᠤᠷᠠᠨ ᠠᠵᠢᠯᠯᠠᠬᠤ ᠰᠠᠨᠠᠮᠵᠢ ᠪᠢᠴᠢᠭ》 ᠍᠊ᠳᠦ ᠭᠠᠷ ᠤᠨ ᠦᠰᠦᠭ ᠵᠢᠷᠤᠪᠠ᠃

ᠰᠠᠶᠢᠳ ᠨ ∙ ᠤᠴᠠᠷᠠᠯ ᠮᠣᠩᠭᠣᠯ ᠤᠯᠤᠰ ᠤᠨ ᠶᠡᠷᠦᠩᠬᠡᠶᠢᠯᠡᠭᠴᠢ ᠤ᠊ ∙ ᠬᠦᠷᠦᠯᠰᠦ᠋ᠬᠡ ᠊ᠢᠢᠨ ᠠᠷᠠᠪ ᠤᠨ ᠨᠢᠭᠡᠳᠦᠭᠰᠡᠨ ᠡᠮᠢᠷᠲ ᠤᠯᠤᠰ ᠳᠦ ᠥᠩᠭᠡᠷᠡᠭᠰᠡᠨ ᠣᠨ ᠊ᠳᠤ ᠬᠢᠭᠰᠡᠨ ᠠᠶᠢᠯᠴᠢᠯᠠᠯ ᠤᠨ ᠦᠶ᠎ᠡ ᠪᠡᠷ ᠪᠠᠶᠢᠭᠤᠯᠤᠭᠰᠠᠨ 《ᠵᠠᠰᠠᠭᠯᠠᠯ ᠤᠨ ᠬᠥᠭᠵᠢᠯ᠂ ᠰᠢᠨᠡᠴᠢᠯᠡᠯ ᠤᠨ ᠲᠤᠷᠰᠢᠯᠭ᠎ᠠ ᠰᠤᠯᠢᠯᠴᠠᠬᠤ ᠲᠤᠬᠠᠢ ᠮᠣᠩᠭᠣᠯ ᠤᠯᠤᠰ ᠤᠨ ᠵᠠᠰᠠᠭ ᠤᠨ ᠭᠠᠵᠠᠷ ᠤᠨ ᠬᠡᠷᠡᠭ ᠡᠷᠬᠢᠯᠡᠬᠦ ᠭᠠᠵᠠᠷ ᠪᠣᠯᠤᠨ ᠠᠷᠠᠪ ᠤᠨ ᠨᠢᠭᠡᠳᠦᠭᠰᠡᠨ ᠡᠮᠢᠷᠲ ᠤᠯᠤᠰ ᠤᠨ ᠵᠠᠰᠠᠭ ᠤᠨ ᠭᠠᠵᠠᠷ ᠤᠨ ᠬᠡᠷᠡᠭ ᠡᠷᠬᠢᠯᠡᠬᠦ ᠭᠠᠵᠠᠷ ᠤᠨ ᠬᠣᠭᠣᠷᠣᠨᠳᠣ ᠊ᠢᠢᠨ ᠬᠠᠷᠢᠯᠴᠠᠨ ᠣᠶᠢᠯᠠᠭᠠᠯᠴᠠᠯ ᠤᠨ ᠰᠠᠨᠠᠮᠵᠢ ᠪᠢᠴᠢᠭ》 ᠍ ᠤᠨ ᠳᠠᠭᠠᠤ ᠬᠣᠶᠠᠷ ᠣᠷᠣᠨ ᠊ᠤ ᠵᠠᠰᠠᠭ ᠤᠨ ᠭᠠᠵᠠᠷ ᠠᠯᠪᠠᠨ ᠶᠣᠰᠣᠭᠠᠷ ᠬᠠᠮᠲᠤ ᠊ᠢᠢᠨ ᠠᠵᠢᠯᠯᠠᠭ᠎ᠠ ᠊ᠢᠢ ᠡᠬᠢᠯᠡᠭᠦᠯᠵᠦ ᠪᠠᠶᠢᠭ᠎ᠠ ᠊ᠢᠢ ᠵᠠᠷᠯᠠᠬ᠊ᠤ ᠶᠣᠰᠣᠯᠠᠯ ᠤᠨ ᠠᠷᠭ᠎ᠠ ᠬᠡᠮᠵᠢᠶᠡᠨ ᠊ᠳᠦ ᠣᠷᠣᠯᠴᠠᠨ᠎ᠠ᠃

ᠳᠡᠯᠡᠬᠡᠢ ᠊ᠢᠢᠨ ᠵᠠᠰᠠᠭ ᠤᠨ ᠭᠠᠵᠠᠷ ᠤᠳ ᠤᠨ ᠳᠡᠭᠡᠳᠦ ᠲᠦᠪᠰᠢᠨ ᠊ᠤ ᠠᠭᠤᠯᠵᠠᠯᠲᠠ ᠊ᠢᠢ ᠠᠷᠠᠪ ᠤᠨ ᠨᠢᠭᠡᠳᠦᠭᠰᠡᠨ ᠡᠮᠠᠷ ᠲᠤ ᠤᠯᠤᠰ ᠤᠨ ᠵᠠᠰᠠᠭ ᠤᠨ ᠭᠠᠵᠠᠷ ᠠᠩᠬ᠎ᠠ ᠰᠠᠨᠠᠭᠠᠴᠢᠯᠠᠨ ᠒᠐᠑᠓ ᠣᠨ ᠡᠴᠠ ᠡᠬᠢᠯᠡᠨ ᠵᠣᠬᠢᠶᠠᠨ ᠪᠠᠶᠢᠭᠤᠯᠵᠤ ᠪᠠᠶᠢᠭ᠎ᠠ ᠪᠥᠭᠡᠳ ᠬᠦᠮᠦᠨ ᠲᠥᠷᠥᠯᠬᠢᠲᠡᠨ ᠊ᠤ ᠡᠮᠦᠨ᠎ᠡ ᠲᠤᠯᠭᠠᠷᠴᠢ ᠪᠤᠢ ᠰᠣᠷᠢᠯᠲᠠ ᠨᠤᠭᠤᠳ ᠊ᠢ ᠰᠢᠢᠳᠪᠦᠷᠢᠯᠡᠬᠦ ᠳᠦ ᠢᠨᠨᠣᠸᠠᠼ᠂ ᠳᠡᠪᠰᠢᠯᠲᠡᠲᠦ ᠲᠧᠭᠨᠣᠯᠣᠭᠢ ᠊ᠢᠢᠨ ᠰᠢᠢᠳᠦᠯ᠂ ᠪᠣᠯᠤᠮᠵᠢ ᠨᠤᠭᠤᠳ ᠊ᠢ ᠠᠰᠢᠭᠯᠠᠬᠤ᠂ ᠵᠠᠰᠠᠭ ᠤᠨ ᠭᠠᠵᠠᠷ ᠤᠳ ᠤᠨ ᠬᠠᠮᠲᠤ ᠊ᠢᠢᠨ ᠠᠵᠢᠯᠯᠠᠭ᠎ᠠ ᠊ᠢᠢ ᠬᠠᠩᠭᠠᠬᠤ᠂ ᠲᠤᠷᠰᠢᠯᠭ᠎ᠠ ᠰᠤᠯᠢᠯᠴᠠᠬᠤ ᠪᠣᠯᠤᠮᠵᠢ ᠨᠤᠭᠤᠳ ᠊ᠢ ᠨᠡᠭᠡᠭᠡᠬᠦ ᠵᠣᠷᠢᠯᠭ᠎ᠠ ᠲᠠᠢ ᠮᠧᠬᠠᠨᠢᠰᠮ ᠶᠤᠮ᠃

ᠡᠨᠡ ᠤᠳᠠᠭ᠎ᠠ ᠊ᠢᠢᠨ ᠳᠡᠭᠡᠳᠦ ᠲᠦᠪᠰᠢᠨ ᠊ᠤ ᠠᠭᠤᠯᠵᠠᠯᠲᠠ ᠊ᠳᠤ ᠪᠦᠭᠦᠳᠡ ᠨᠠᠶᠢᠷᠠᠮᠳᠠᠬᠤ ᠲᠦᠺ ᠤᠯᠤᠰ ᠤᠨ ᠶᠡᠷᠦᠩᠬᠡᠢ ᠰᠠᠶᠢᠳ ᠷ ∙ ᠲ ∙ ᠡᠷᠳ᠋ ᠍ ᠊ᠢᠢᠠᠨ᠂ ᠪᠦᠭᠦᠳᠡ ᠨᠠᠶᠢᠷᠠᠮᠳᠠᠬᠤ ᠡᠨᠡᠳᠬᠡᠭ ᠤᠯᠤᠰ ᠤᠨ ᠶᠡᠷᠦᠩᠬᠡᠢ ᠰᠠᠶᠢᠳ ᠨᠠᠷᠧᠨᠳ᠋ᠷᠠ ᠮᠣᠳᠢ ᠵᠡᠷᠭᠡ ᠒᠐ ᠭᠠᠷᠤᠢ ᠤᠯᠤᠰ ᠤᠨ ᠲᠥᠷᠥ᠂ ᠵᠠᠰᠠᠭ ᠤᠨ ᠲᠡᠷᠢᠭᠦᠨ᠂ ᠓᠐᠐ ᠭᠠᠷᠤᠢ ᠰᠠᠶᠢᠳ᠂ ᠳᠡᠯᠡᠬᠡᠢ ᠊ᠢᠢᠨ ᠡᠳ᠋ ᠍᠊ᠢᠢᠨ ᠵᠠᠰᠠᠭ ᠤᠨ ᠴᠢᠭᠤᠯᠭ᠎ᠠ ᠠᠭᠤᠯᠵᠠᠯᠲᠠ ᠊ᠢᠢᠨ ᠳᠠᠷᠤᠭ᠎ᠠ ᠺ ∙ ᠱᠸᠠᠪ᠂ ᠳᠡᠯᠡᠬᠡᠢ ᠊ᠢᠢᠨ ᠪᠠᠩᠬᠢᠨ ᠊ᠤ ᠶᠡᠷᠦᠩᠬᠡᠶᠢᠯᠡᠭᠴᠢ ᠠ᠊ ∙ ᠪᠠᠩᠭ᠎ᠠ᠂ ᠣᠯᠠᠨ ᠤᠯᠤᠰ ᠤᠨ ᠸᠠᠯᠦᠲ᠋ᠠ ᠊ᠢᠢᠨ ᠰᠠᠩ ᠤᠨ ᠭᠦᠢᠴᠡᠳᠭᠡᠬᠦ ᠵᠠᠬᠢᠷᠤᠯ ᠺᠷᠢᠰᠲ᠋ᠠᠯᠢᠨ᠎ᠠ ᠭᠢᠣᠷᠭᠢᠶᠧᠸᠠ ᠵᠡᠷᠭᠡ ᠘᠐ ᠭᠠᠷᠤᠢ ᠣᠯᠠᠨ ᠤᠯᠤᠰ ᠤᠨ ᠪᠠᠶᠢᠭᠤᠯᠤᠯᠭ᠎ᠠ ᠊ᠢᠢᠨ ᠲᠡᠷᠢᠭᠦᠨ᠂ ᠨᠣᠪᠧᠯ ᠤᠨ ᠱᠠᠩᠨᠠᠯᠲᠠᠨ᠂ ᠡᠷᠳᠡᠮᠲᠡᠨ ᠰᠤᠳᠤᠯᠤᠭᠠᠴᠢᠳ ᠪᠣᠯᠤᠨ 《OpenAI》 ᠺᠣᠮᠫᠠᠨᠢ ᠊ᠢᠢᠨ ᠡᠭᠦᠰᠬᠡᠨ ᠪᠠᠶᠢᠭᠤᠯᠤᠭᠴᠢ ᠰᠡᠮ ᠠᠯᠲᠠᠮᠠᠨ᠂ ᠭᠦᠦᠭᠯ ᠺᠣᠮᠫᠠᠨᠢ ᠊ᠢᠢᠨ ᠶᠡᠷᠦᠩᠬᠡᠢ ᠵᠠᠬᠢᠷᠤᠯ ᠠᠰᠠᠨ ᠡᠷᠢᠺ ᠰᠢᠮ᠎ᠡ ᠳᠦᠲ ᠵᠡᠷᠭᠡ ᠲᠧᠭᠨᠣᠯᠣᠭᠢ ᠊ᠢᠢᠨ ᠰᠠᠯᠪᠤᠷᠢ ᠊ᠢᠢᠨ ᠨᠥᠯᠥᠭᠡ ᠪᠦᠬᠦᠢ ᠪᠢᠽᠢᠨ᠋ᠧᠰ ᠡᠷᠬᠢᠯᠡᠭᠴᠢᠳ ᠪᠦᠬᠦᠢ ᠔᠐᠐᠐ ᠭᠠᠷᠤᠢ ᠲᠥᠯᠥᠭᠡᠯᠡᠭᠴᠢ ᠣᠷᠣᠯᠴᠠᠵᠤ ᠪᠠᠶᠢᠨ᠎ᠠ᠃

ᠨᠡᠶᠢᠲᠡᠯᠡᠭᠰᠡᠨ᠄