ᠴᠠᠬᠢᠮ ᠬᠥᠭᠵᠢᠯ᠂ ᠬᠠᠷᠢᠯᠴᠠᠭ᠎ᠠ ᠬᠣᠯᠪᠣᠭᠠᠨ ᠊ᠤ ᠳᠡᠳ᠋ ᠰᠠᠶᠢᠳ ᠵ ∙ ᠡᠷᠬᠢᠮᠪᠠᠭᠠᠲᠤᠷ ᠊ᠢᠢᠠᠷ ᠠᠬᠠᠯᠠᠭᠤᠯᠤᠭᠰᠠᠨ ᠠᠵᠢᠯ ᠤᠨ ᠬᠡᠰᠡᠭ ᠳᠤᠮᠳᠠᠭᠤᠪᠢ ᠠᠶᠢᠮᠠᠭ ᠲᠤ ᠠᠵᠢᠯᠯᠠᠵᠤ ᠪᠠᠶᠢᠨ᠎ᠠ


ᠴᠠᠬᠢᠮ ᠬᠥᠭᠵᠢᠯ᠂ ᠬᠠᠷᠢᠯᠴᠠᠭ᠎ᠠ ᠬᠣᠯᠪᠣᠭᠠᠨ ᠊ᠤ ᠶᠠᠮᠤ 《ᠴᠠᠬᠢᠮ ᠠᠶᠢᠮᠠᠭ》 ᠪᠣᠳᠣᠯᠭ᠎ᠠ ᠊ᠢᠢᠨ ᠵᠥᠪᠯᠡᠮᠵᠢ ᠊ᠢᠢᠨ ᠬᠦᠷᠢᠶᠡᠨ ᠊ᠳᠦ ᠴᠠᠬᠢᠮ ᠰᠢᠯᠵᠢᠯᠲᠡ ᠊ᠢᠢ ᠦᠨᠳᠦᠰᠦᠨ ᠊ᠤ ᠬᠡᠮᠵᠢᠶᠡᠨ ᠊ᠳᠦ ᠡᠷᠴᠢᠮᠵᠢᠭᠦᠯᠬᠦ ᠵᠣᠷᠢᠯᠭ᠎ᠠ ᠪᠠᠷ 《ᠴᠠᠬᠢᠮ ᠊ᠳᠤ ᠬᠡᠪᠰᠢᠶ᠎ᠡ》 ᠤᠷᠢᠶ᠎ᠠ ᠲᠠᠢ 《ᠴᠠᠬᠢᠮ ᠬᠥᠭᠵᠢᠯ ᠤᠨ ᠡᠳᠦᠷᠯᠢᠭ》 ᠠᠷᠭ᠎ᠠ ᠬᠡᠮᠵᠢᠶ᠎ᠡ ᠊ᠢᠢ ᠬᠠᠷᠢᠶ᠎ᠠ᠂ ᠰᠠᠯᠪᠤᠷᠢ ᠪᠠᠶᠢᠭᠤᠯᠤᠯᠭ᠎ᠠ ᠨᠤᠭᠤᠳ ᠤᠨ ᠳᠡᠮᠵᠢᠯᠭᠡ ᠲᠡᠢ ᠪᠡᠷ ᠬᠠᠷᠢᠯᠴᠠᠭ᠎ᠠ ᠬᠣᠯᠪᠣᠭ᠎ᠠ᠂ ᠮᠡᠳᠡᠭᠡᠯᠡᠯ ᠤᠨ ᠲᠧᠭᠨᠣᠯᠣᠭᠢ ᠊ᠢᠢᠨ ᠰᠠᠯᠪᠤᠷᠢ ᠊ᠢᠢᠨ ᠒᠐ ᠭᠠᠷᠤᠢ ᠲᠥᠷᠥ᠂ ᠬᠤᠪ ᠤᠨ ᠬᠡᠪᠰᠢᠯ᠂ ᠲᠥᠷᠥ ᠊ᠢᠢᠨ ᠪᠤᠰᠤ ᠪᠠᠶᠢᠭᠤᠯᠤᠯᠭ᠎ᠠ ᠊ᠢᠢᠨ ᠢᠳᠡᠪᠬᠢ ᠰᠠᠨᠠᠭᠠᠴᠢᠯᠠᠭ᠎ᠠ᠂ ᠣᠷᠣᠯᠴᠠᠭ᠎ᠠ ᠲᠠᠢ ᠪᠠᠷ ᠬᠠᠮᠲᠤᠷᠠᠨ ᠵᠣᠬᠢᠶᠠᠨ ᠪᠠᠶᠢᠭᠤᠯᠵᠤ ᠪᠠᠶᠢᠨ᠎ᠠ᠃

ᠡᠨᠡᠬᠦ ᠠᠷᠭ᠎ᠠ ᠬᠡᠮᠵᠢᠶᠡᠨ ᠊ᠤ ᠬᠦᠷᠢᠶᠡᠨ ᠊ᠳᠦ ᠼᠠ᠊ ᠬᠥ᠊ ᠬᠠ᠊ ᠬᠣ᠊- ᠊ᠤ ᠳᠡᠳ᠋ ᠰᠠᠶᠢᠳ ᠵ ∙ ᠡᠷᠬᠢᠮᠪᠠᠭᠠᠲᠤᠷ ᠊ᠢᠢᠠᠷ ᠠᠬᠠᠯᠠᠭᠤᠯᠤᠭᠰᠠᠨ ᠠᠵᠢᠯ ᠤᠨ ᠬᠡᠰᠡᠭ ᠥᠨᠥᠳᠥᠷ (᠒᠐᠒᠔.᠐᠓.᠑᠕) ᠳᠤᠮᠳᠠᠭᠣᠪᠢ ᠠᠶᠢᠮᠠᠭ ᠲᠤ ᠠᠵᠢᠯᠯᠠᠵᠤ᠂ ᠠᠶᠢᠮᠠᠭ ᠤᠨ ᠽᠠ᠊ ᠳᠠ᠊ ᠲᠠ᠊ ᠭᠠ᠊- ᠤᠨ ᠤᠳᠤᠷᠢᠳᠤᠯᠭ᠎ᠠ ᠨᠤᠭᠤᠳ᠂ ᠲᠥᠷᠦ᠂ ᠬᠤᠪ ᠤᠨ ᠬᠡᠪᠰᠢᠯ ᠤᠨ ᠪᠠᠶᠢᠭᠤᠯᠤᠯᠭ᠎ᠠ ᠊ᠢᠢᠨ ᠠᠯᠪᠠᠨ ᠬᠠᠭᠠᠭᠴᠢᠳ᠂ ᠢᠷᠭᠡᠳ᠂ ᠣᠯᠠᠨ ᠨᠡᠶᠢᠲᠡ ᠊ᠳᠦ ᠼᠠ᠊ ᠬᠥ᠊ ᠬᠠ᠊ ᠬᠣ᠊ ᠶᠠ᠊ ᠍ ᠡᠴᠠ ᠪᠦᠰᠡᠴᠢᠯᠡᠭᠰᠡᠨ ᠬᠥᠭᠵᠢᠯ ᠤᠨ ᠵᠣᠷᠢᠯᠲᠠ ᠊ᠢᠢᠨ ᠬᠦᠷᠢᠶᠡᠨ ᠊ᠳᠦ ᠬᠡᠷᠡᠭᠵᠢᠭᠦᠯᠵᠦ ᠪᠤᠢ ᠵᠣᠷᠢᠯᠲᠠ᠂ ᠪᠣᠳᠣᠯᠭ᠎ᠠ᠂ ᠠᠷᠭ᠎ᠠ ᠬᠡᠮᠵᠢᠶ᠎ᠡ ᠪᠣᠯᠤᠨ ᠠᠶᠢᠮᠠᠭ ᠤᠨ ᠴᠠᠬᠢᠮ ᠰᠢᠯᠵᠢᠯᠲᠡ ᠊ᠢᠢᠨ ᠪᠡᠯᠡᠨ ᠪᠠᠶᠢᠳᠠᠯ ᠤᠨ ᠦᠨᠡᠯᠡᠭᠡ᠂ ᠠᠩᠬ᠎ᠠ ᠪᠠᠷ ᠬᠢ ᠠᠰᠠᠭᠤᠳᠠᠯ᠂ ᠰᠢᠢᠳᠦᠯ ᠭᠠᠷᠴᠠ ᠊ᠢᠢᠨ ᠲᠠᠯ᠎ᠠ ᠪᠠᠷ ᠲᠠᠨᠢᠯᠴᠠᠭᠤᠯᠭ᠎ᠠ᠂ ᠮᠡᠳᠡᠭᠡᠯᠡᠯ ᠬᠢᠪᠡ᠃

ᠮᠥᠨ ᠺᠢᠪᠧᠷ ᠠᠶᠤᠯ ᠦᠭᠡᠢ ᠪᠠᠶᠢᠳᠠᠯ ᠤᠨ ᠬᠠᠤᠯᠢ᠂ ᠡᠷᠬᠡ ᠵᠦᠢ ᠊ᠢᠢᠨ ᠣᠷᠴᠢᠨ᠂ ᠺᠢᠪᠧᠷ ᠠᠶᠤᠯ ᠦᠭᠡᠢ ᠪᠠᠶᠢᠳᠠᠯ ᠊ᠢ ᠬᠠᠩᠭᠠᠬᠤ ᠨᠡᠶᠢᠲᠡᠯᠢᠭ ᠵᠢᠷᠤᠮ᠂ ᠲᠡᠭᠦᠨ ᠢ ᠬᠡᠷᠬᠢᠨ ᠬᠡᠷᠡᠭᠵᠢᠭᠦᠯᠬᠦ᠂ ᠺᠢᠪᠧᠷ ᠠᠶᠤᠯ ᠦᠭᠡᠢ ᠪᠠᠶᠢᠳᠠᠯ ᠤᠨ ᠥᠨᠥ ᠊ᠢᠢᠨ ᠨᠥᠬᠥᠴᠡᠯ ᠪᠠᠶᠢᠳᠠᠯ᠂ ᠲᠥᠷᠥ ᠊ᠢᠢᠨ ᠡᠭᠦᠯᠡᠨ ᠲᠣᠭᠠᠴᠠᠭᠠᠯᠠᠯ ᠤᠨ ᠳᠡᠳ᠋ ᠪᠦᠲᠦᠴᠡ /mCloud/ ᠰᠢᠰᠲ᠋ᠧᠮ᠂ ᠴᠠᠬᠢᠮ ᠣᠷᠴᠢᠨ ᠳᠠᠬᠢ ᠬᠡᠦᠬᠡᠳ ᠬᠠᠮᠠᠭᠠᠯᠠᠯ᠂ ᠬᠡᠷᠡᠭᠵᠢᠭᠦᠯᠵᠦ ᠪᠤᠢ ᠠᠷᠭ᠎ᠠ ᠬᠡᠮᠵᠢᠶ᠎ᠡ᠂ ᠲᠧᠭᠨᠣᠯᠣᠭᠢ ᠊ᠢᠢᠨ ᠪᠣᠯᠤᠮᠵᠢ ᠊ᠢᠢᠨ ᠲᠠᠯ᠎ᠠ ᠪᠠᠷ ᠰᠤᠷᠭᠠᠯᠲᠠ ᠵᠣᠬᠢᠶᠠᠨ ᠪᠠᠶᠢᠭᠤᠯᠤᠯ᠎ᠠ᠃

ᠴᠠᠬᠢᠮ ᠬᠥᠭᠵᠢᠯ ᠤᠨ ᠡᠳᠦᠷᠯᠢᠭ ᠲᠦ ᠣᠷᠣᠯᠴᠠᠭᠴᠢ ᠪᠠᠶᠢᠭᠤᠯᠤᠯᠭ᠎ᠠ ᠨᠤᠭᠤᠳ ᠣᠷᠣᠨ ᠨᠤᠲᠤᠭ ᠤᠨ ᠵᠢᠵᠢᠭ᠂ ᠳᠤᠮᠳᠠ ᠦᠢᠯᠡᠳᠪᠦᠷᠢᠯᠡᠯ ᠡᠷᠬᠢᠯᠡᠭᠴᠢᠳ᠂ ᠢᠷᠭᠡᠳ᠂ ᠣᠯᠠᠨ ᠨᠡᠶᠢᠲᠡ ᠊ᠳᠦ ᠪᠢᠽᠢᠨ᠋ᠧᠰ ᠊ᠢᠢᠡᠨ ᠴᠠᠬᠢᠮᠵᠢᠭᠤᠯᠬᠤ ᠠᠷᠭ᠎ᠠ ᠵᠠᠮ᠂ ᠫᠷᠣᠭᠷᠠᠮ ᠬᠠᠩᠭᠠᠮᠵᠢ ᠊ᠢᠢᠨ ᠲᠠᠨᠢᠯᠴᠠᠭᠤᠯᠭ᠎ᠠ ᠊ᠢᠢ ᠬᠢᠵᠦ᠂ ᠥᠪᠡᠷᠰᠡᠳ ᠤᠨ ᠪᠦᠲᠦᠭᠡᠭᠳᠡᠬᠦᠨ ᠦᠢᠯᠡᠴᠢᠯᠡᠭᠡ ᠪᠡᠨ ᠲᠠᠨᠢᠯᠴᠠᠭᠤᠯᠤᠨ᠂ ᠵᠢᠭᠠᠪᠤᠷᠢ᠂ ᠵᠥᠪᠯᠡᠮᠵᠢ ᠥᠭᠴᠦ ᠠᠵᠢᠯᠯᠠᠵᠤ ᠪᠠᠶᠢᠨ᠎ᠠ᠃

ᠳᠤᠮᠳᠠᠭᠣᠪᠢ ᠠᠶᠢᠮᠠᠭ ᠨᠢ ᠔᠗᠂᠒ ᠮᠢᠩᠭᠠᠨ ᠬᠦᠮᠦᠨ ᠠᠮᠠ ᠲᠠᠢ᠃ ᠑᠕ ᠰᠤᠮᠤ ᠖᠖ ᠪᠠᠭ ᠲᠠᠢ᠃ ᠖᠖ ᠪᠠᠭ᠎ᠠ ᠡᠴᠠ ᠑᠖ ᠪᠠᠭ ᠔G ᠰᠦᠯᠵᠢᠶᠡᠨ ᠊ᠳᠦ᠂ ᠑᠕ ᠪᠠᠭ ᠓G ᠰᠦᠯᠵᠢᠶᠡᠨ ᠊ᠳᠦ ᠬᠣᠯᠪᠣᠭᠳᠠᠭᠰᠠᠨ᠃ ᠡᠳ᠋ ᠍ ᠊ᠢᠢᠨ ᠵᠠᠰᠠᠭ ᠤᠨ ᠲᠡᠷᠢᠭᠦᠯᠡᠬᠦ ᠰᠠᠯᠪᠤᠷᠢ ᠠᠭᠤᠯᠠ ᠠᠭᠤᠷᠬᠠᠢ ᠣᠯᠪᠤᠷᠢᠯᠠᠯᠲᠠ᠂ ᠪᠣᠯᠪᠠᠰᠤᠷᠠᠭᠤᠯᠬᠤ ᠦᠢᠯᠡᠳᠪᠦᠷᠢᠯᠡᠯ᠃ ᠲᠥᠷᠥ ᠊ᠢᠢᠨ ᠦᠢᠴᠢᠯᠡᠭᠡᠨ ᠊ᠤ ᠨᠢᠭᠡᠳᠦᠭᠰᠡᠨ ᠰᠢᠰᠲ᠋ᠧᠮ (ᠢ-ᠮᠣᠩᠭᠣᠯ) ᠍ ᠊ᠳᠦ ᠲᠥᠷᠥ ᠊ᠢᠢᠨ ᠑᠒ ᠪᠠᠶᠢᠭᠤᠯᠤᠯᠭ᠎ᠠ ᠊ᠢᠢᠨ ᠖᠔ ᠦᠢᠯᠡᠴᠢᠯᠡᠭᠡ ᠊ᠢᠢ ᠬᠣᠯᠪᠣᠭᠰᠠᠨ᠃ ᠠᠶᠢᠮᠠᠭ ᠤᠨ ᠬᠡᠮᠵᠢᠶᠡᠨ ᠊ᠳᠦ ᠀᠘.᠗᠕᠐ ᠢᠷᠭᠡᠨ ᠪᠤᠶᠤ ᠕᠘.᠖% ᠨᠢ ᠲᠣᠭᠠᠨ ᠭᠠᠷ ᠤᠨ ᠦᠰᠦᠭ ᠲᠡᠢ ᠪᠣᠯᠤᠭᠰᠠᠨ ᠪᠠᠶᠢᠨ᠎ᠠ᠃

ᠨᠡᠶᠢᠲᠡᠯᠡᠭᠰᠡᠨ᠄