《ᠴᠠᠬᠢᠮ ᠊ᠳᠤ ᠬᠡᠪᠰᠢᠶ᠎ᠡ》 ᠤᠷᠢᠶ᠎ᠠ ᠲᠠᠢ 《ᠴᠠᠬᠢᠮ ᠬᠥᠭᠵᠢᠯ ᠤᠨ ᠡᠳᠦᠷᠯᠢᠭ》 ᠠᠷᠭ᠎ᠠ ᠬᠡᠮᠵᠢᠶ᠎ᠡ ᠡᠮᠦᠨᠡᠭᠣᠪᠢ ᠠᠶᠢᠮᠠᠭ ᠲᠤ ᠪᠣᠯᠵᠤ ᠪᠠᠶᠢᠨ᠎ᠠ


ᠡᠨᠡᠬᠦ ᠠᠷᠭ᠎ᠠ ᠬᠡᠮᠵᠢᠶ᠎ᠡ ᠥᠨᠥᠳᠥᠷ (᠒᠐᠒᠔.᠐᠔.᠑᠘) ᠡᠮᠦᠨᠡᠭᠣᠪᠢ ᠠᠶᠢᠮᠠᠭ ᠲᠤ ᠦᠷᠭᠦᠯᠵᠢᠯᠡᠵᠦ᠂ ᠲᠤᠰ ᠠᠷᠭ᠎ᠠ ᠬᠡᠮᠵᠢᠶ᠎ᠡ ᠊ᠢᠢ ᠨᠡᠭᠡᠭᠡᠵᠦ᠂ ᠼᠠ᠊ ᠬᠥ᠊ ᠬᠠ᠊ ᠬᠣ᠊-᠊ᠤ ᠳᠡᠳ᠋ ᠰᠠᠶᠢᠳ ᠵ ∙ ᠡᠷᠬᠢᠮᠪᠠᠭᠠᠲᠤᠷ ᠴᠠᠬᠢᠮ ᠬᠥᠭᠵᠢᠯ᠂ ᠬᠠᠷᠢᠯᠴᠠᠭ᠎ᠠ ᠬᠣᠯᠪᠣᠭᠠᠨ ᠊ᠤ ᠶᠠᠮᠤᠨ ᠡᠴᠠ ᠪᠦᠰᠡᠴᠢᠯᠡᠭᠰᠡᠨ ᠬᠥᠭᠵᠢᠯ ᠤᠨ ᠵᠣᠷᠢᠯᠲᠠ ᠊ᠢᠢᠨ ᠬᠦᠷᠢᠶᠡᠨ ᠊ᠳᠦ ᠬᠡᠷᠡᠭᠵᠢᠭᠦᠯᠵᠦ ᠪᠤᠢ ᠵᠣᠷᠢᠯᠲᠠ᠂ ᠪᠣᠳᠣᠯᠭ᠎ᠠ᠂ ᠠᠷᠭ᠎ᠠ ᠬᠡᠮᠵᠢᠶ᠎ᠡ ᠊ᠢᠢ ᠲᠠᠨᠢᠯᠴᠠᠭᠤᠯᠵᠤ᠂ ᠼᠠ᠊ ᠬᠥ᠊ ᠬᠠ᠊ ᠬᠣ᠊-᠊ᠤ ᠰᠠᠶᠢᠳ ᠤᠨ ᠵᠥᠪᠯᠡᠬᠦ ᠪ ∙ ᠭᠠᠩᠪᠠᠲᠤ 《ᠠᠶᠢᠮᠠᠭ ᠤᠨ ᠴᠠᠬᠢᠮ ᠰᠢᠯᠵᠢᠯᠲᠡ ᠊ᠢᠢᠨ ᠪᠡᠯᠡᠨ ᠪᠠᠶᠢᠳᠠᠯ ᠤᠨ ᠦᠨᠡᠯᠡᠭᠡ᠂ ᠠᠩᠬ᠎ᠠ ᠪᠠᠷ ᠬᠢ ᠠᠰᠠᠭᠤᠳᠠᠯ᠂ ᠰᠢᠢᠳᠦᠯ ᠭᠠᠷᠴᠠ》 ᠍ ᠤᠨ ᠲᠠᠯ᠎ᠠ ᠪᠠᠷ ᠲᠠᠨᠢᠯᠴᠠᠭᠤᠯᠤᠯ᠎ᠠ᠃

ᠮᠥᠨ ᠡᠮᠦᠨᠡᠭᠣᠪᠢ ᠠᠶᠢᠮᠠᠭ ᠤᠨ ᠵᠠᠰᠠᠭ ᠳᠠᠷᠤᠭ᠎ᠠ ᠷ ∙ ᠰᠡᠳᠳᠣᠷᠵᠢ 《ᠠᠶᠢᠮᠠᠭ ᠤᠨ ᠴᠠᠬᠢᠮ ᠪᠣᠳᠣᠯᠭ᠎ᠠ ᠊ᠢᠢᠨ ᠬᠡᠷᠡᠭᠵᠢᠯᠲᠡ ᠊ᠢᠢᠨ ᠪᠠᠶᠢᠳᠠᠯ》᠂ ᠢ-ᠮᠣᠩᠭᠣᠯ ᠠᠺᠠᠳᠧᠮᠢ ᠤ᠊ ᠲᠥ᠊ ᠦ᠊ ᠭᠠ᠊- ᠍ᠤᠨ ᠰᠠᠯᠪᠤᠷᠢ ᠳᠤᠮᠳᠠ ᠊ᠢᠢᠨ ᠵᠣᠬᠢᠴᠠᠭᠤᠯᠤᠯᠲᠠ ᠊ᠢᠢᠨ ᠭᠠᠵᠠᠷ ᠤᠨ ᠳᠠᠷᠤᠭ᠎ᠠ ᠬ ∙ ᠡᠩᠬᠡᠮᠠᠩᠯᠠᠢ 《ᠣᠷᠣᠨ ᠨᠤᠲᠤᠭ ᠤᠨ ᠲᠥᠷᠥ ᠊ᠢᠢᠨ ᠦᠢᠯᠡᠴᠢᠯᠡᠭᠡᠨ ᠊ᠳᠦ ᠫᠷᠣᠼᠧᠰᠰ ᠤᠨ ᠰᠢᠨᠵᠢᠯᠡᠭᠡ ᠬᠢᠬᠦ᠂ ᠳᠠᠬᠢᠨ ᠵᠠᠭᠪᠤᠷᠴᠢᠯᠠᠵᠤ ᠲᠥᠷᠥ ᠊ᠢᠢᠨ ᠦᠢᠯᠡᠴᠢᠯᠡᠭᠡᠨ ᠊ᠤ ᠨᠢᠭᠡᠳᠦᠭᠰᠡᠨ ᠰᠢᠰᠲ᠋ᠧᠮ ᠊ᠳᠦ ᠬᠤᠯᠪᠤᠬᠤ ᠲᠥᠰᠥᠯ》 ᠍ ᠤᠨ ᠲᠠᠯ᠎ᠠ ᠪᠠᠷ᠂ ᠡᠮᠦᠨᠡᠭᠣᠪᠢ ᠠᠶᠢᠮᠠᠭ ᠳᠠᠬᠢ ᠲᠥᠷᠥ ᠊ᠢᠢᠨ ᠴᠠᠬᠢᠮ ᠦᠢᠯᠡᠴᠢᠯᠡᠭᠡᠨ ᠊ᠤ ᠬᠡᠯᠲᠡᠰ ᠤᠨ ᠳᠠᠷᠤᠭ᠎ᠠ ᠴ ∙ ᠨᠠᠩᠰᠠᠯᠮ᠎ᠠ》ᠬᠤᠷᠳᠤᠨ》 ᠴᠡᠭ ᠤᠨ ᠦᠢᠯᠡᠴᠢᠯᠡᠭᠡᠨ ᠊ᠤ ᠣᠨᠴᠠᠯᠢᠭ᠂ ᠠᠩᠬ᠎ᠠ ᠪᠠᠷ ᠬᠢ ᠠᠰᠠᠭᠤᠳᠠᠯ ᠤᠳ᠂ ᠦᠨᠳᠦᠰᠦᠨ ᠊ᠤ ᠳᠠᠲ᠋ᠠ ᠲᠥᠪ ᠤ᠊ ᠲᠥ᠊ ᠦ᠊ ᠭᠠ᠊- ᠍ ᠤᠨ ᠮᠡᠳᠡᠭᠡᠯᠡᠯ ᠤᠨ ᠲᠧᠭᠨᠣᠯᠣᠭᠢ ᠊ᠢᠢᠨ ᠭᠠᠵᠠᠷ ᠤᠨ ᠳᠠᠷᠤᠭ᠎ᠠ ᠡ᠊ ∙ ᠪᠠᠲᠤᠲᠥᠷ 《ᠣᠷᠣᠨ ᠨᠤᠲᠤᠭ ᠤᠨ ᠲᠥᠷᠥ ᠊ᠢᠢᠨ ᠪᠠᠶᠢᠭᠤᠯᠤᠯᠭ᠎ᠠ ᠨᠤᠭᠤᠳ ᠤᠨ ᠰᠢᠰᠲ᠋ᠧᠮ᠂ ᠰᠧᠷᠸᠧᠷ ᠤᠳ ᠊ᠢ ᠲᠥᠷᠥ ᠊ᠢᠢᠨ ᠡᠭᠦᠯᠡᠨ ᠲᠣᠭᠠᠴᠠᠭᠠᠯᠠᠯ ᠤᠨ /mCloud/ ᠰᠢᠰᠲ᠋ᠧᠮ ᠊ᠳᠦ ᠨᠢᠭᠡᠳᠬᠡᠬᠦ ᠲᠥᠰᠥᠯ》 ᠍ᠤᠨ ᠲᠠᠨᠢᠯᠴᠠᠭᠤᠯᠭ᠎ᠠ᠂ ᠮᠣᠩᠭᠣᠯ ᠤᠨ ᠫᠷᠣᠭᠷᠠᠮ ᠬᠠᠩᠭᠠᠮᠵᠢ ᠦᠢᠯᠡᠳᠪᠦᠷᠢᠯᠡᠭᠴᠢᠳ ᠤᠨ ᠬᠣᠯᠪᠣᠭ᠎ᠠ ᠲᠥᠷᠥ ᠊ᠢᠢᠨ ᠪᠤᠰᠤ ᠪᠠᠶᠢᠭᠤᠯᠤᠯᠭ᠎ᠠ ᠤᠨ ᠭᠦᠢᠴᠡᠳᠭᠡᠬᠦ ᠵᠠᠬᠢᠷᠤᠯ ᠪ ∙ ᠲᠠᠮᠢᠷ 《ᠠᠶᠢᠮᠠᠭ ᠤᠨ ᠴᠠᠬᠢᠮ ᠪᠣᠳᠣᠯᠭ᠎ᠠ ᠊ᠢᠢᠨ ᠪᠠᠷᠢᠮᠲᠠ ᠪᠢᠴᠢᠭ ᠪᠣᠯᠪᠠᠰᠤᠷᠠᠭᠤᠯᠬᠤ ᠊ᠳᠤ ᠵᠥᠪᠯᠡᠬᠦ ᠦᠢᠯᠡᠴᠢᠯᠡᠭᠡ ᠦᠵᠡᠭᠦᠯᠬᠦ ᠨᠢ》 ᠵᠡᠷᠭᠡ ᠰᠡᠳᠦᠪ ᠤᠨ ᠬᠦᠷᠢᠶᠡᠨ ᠊ᠳᠦ ᠲᠠᠨᠢᠯᠴᠠᠭᠤᠯᠭ᠎ᠠ᠂ ᠮᠡᠳᠡᠭᠡᠯᠡᠯ ᠬᠢᠪᠡ᠃

ᠠᠷᠭ᠎ᠠ ᠬᠡᠮᠵᠢᠶᠡᠨ ᠊ᠤ ᠬᠦᠷᠢᠶᠡᠨ ᠊ᠳᠦ ᠠᠶᠢᠮᠠᠭ ᠤᠨ ᠲᠥᠷᠥ ᠊ᠢᠢᠨ ᠪᠠᠶᠢᠭᠤᠯᠤᠯᠭ᠎ᠠ ᠨᠤᠭᠤᠳ᠂ ᠪᠢᠽᠢᠨ᠋ᠧᠰ ᠡᠷᠬᠢᠯᠡᠭᠴᠢᠳ᠂ ᠶᠡᠷᠦᠩᠬᠡᠢ ᠪᠣᠯᠪᠠᠰᠤᠷᠠᠯ ᠤᠨ ᠰᠤᠷᠭᠠᠭᠤᠯᠢ ᠊ᠢᠢᠨ ᠪᠠᠭᠰᠢ᠂ ᠰᠤᠷᠤᠭᠴᠢᠳ᠂ ᠢᠷᠭᠡᠳ᠂ ᠣᠯᠠᠨ ᠨᠡᠶᠢᠲᠡ ᠊ᠳᠦ ᠨᠢᠭᠡᠳᠦᠭᠰᠡᠨ ᠬᠤᠷᠠᠯ᠂ ᠠᠭᠤᠯᠵᠠᠯᠲᠠ᠂ ᠡᠳᠦᠷᠯᠢᠭ᠂ ᠰᠤᠷᠭᠠᠯᠲᠠ ᠊ᠢᠢ ᠵᠣᠬᠢᠶᠠᠨ ᠪᠠᠶᠢᠭᠤᠯᠤᠨ᠎ᠠ᠃

ᠨᠡᠶᠢᠲᠡᠯᠡᠭᠰᠡᠨ᠄