《ᠴᠠᠬᠢᠮ ᠊ᠳᠤ ᠬᠡᠪᠰᠢᠶ᠎ᠡ》 ᠤᠷᠢᠶ ᠎ᠠ ᠲᠠᠢ 《ᠴᠠᠬᠢᠮ ᠬᠥᠭᠵᠢᠯ ᠤᠨ ᠡᠳᠦᠷᠯᠢᠭ》 ᠠᠷᠭ᠎ᠠ ᠬᠡᠮᠵᠢᠶ᠎ᠡ ᠬᠠᠩᠭᠠᠢ ᠊ᠢᠢᠨ ᠪᠥᠰᠡ ᠊ᠢᠢᠨ ᠡᠬᠢᠨ ᠊ᠤ ᠠᠶᠢᠮᠠᠭ ᠪᠠᠶᠠᠬᠣᠩᠭᠣᠷ ᠠᠶᠢᠮᠠᠭ ᠲᠤ ᠡᠬᠢᠯᠡᠯ᠎ᠡ


ᠮᠣᠩᠭᠣᠯ ᠤᠯᠤᠰ ᠤᠨ ᠪᠦᠰᠡᠴᠢᠯᠡᠭᠰᠡᠨ ᠬᠥᠭᠵᠢᠯ ᠤᠨ ᠦᠵᠡᠯ ᠪᠠᠷᠢᠮᠲᠠᠯᠠᠯ᠂ ᠴᠠᠬᠢᠮ ᠠᠶᠢᠮᠠᠭ ᠪᠣᠳᠣᠯᠭ᠎ᠠ ᠊ᠢᠢᠨ ᠵᠥᠪᠯᠡᠮᠵᠢ ᠊ᠢᠢ ᠣᠷᠣᠨ ᠨᠤᠲᠤᠭ ᠊ᠳᠤ ᠬᠡᠷᠡᠭᠵᠢᠭᠦᠯᠬᠦ ᠳᠦ ᠪᠣᠳᠣᠯᠭ᠎ᠠ ᠊ᠢᠢᠨ ᠳᠡᠮᠵᠢᠯᠭᠡ ᠦᠵᠡᠭᠦᠯᠬᠦ᠂ ᠲᠥᠷᠥ᠂ ᠬᠤᠪ ᠤᠨ ᠬᠡᠪᠰᠢᠯ ᠤᠨ ᠲᠦᠩᠰᠢᠯᠡᠯ ᠤᠨ ᠬᠦᠷᠢᠶᠡᠨ ᠊ᠳᠦ ᠢᠷᠭᠡᠳ ᠤᠨ ᠴᠠᠬᠢᠮ ᠤᠷ᠎ᠠ ᠴᠢᠳᠠᠪᠤᠷᠢ ᠊ᠢᠢ ᠳᠡᠭᠡᠭᠰᠢᠯᠡᠭᠦᠯᠬᠦ ᠰᠤᠷᠭᠠᠯᠲᠠ ᠵᠣᠬᠢᠶᠠᠨ ᠪᠠᠶᠢᠭᠤᠯᠬᠤ᠂ ᠮᠡᠳᠡᠭᠡᠯᠡᠯ ᠤᠨ ᠲᠧᠭᠨᠣᠯᠣᠭᠢ ᠊ᠢᠢᠨ ᠫᠷᠣᠭᠷᠠᠮ ᠬᠠᠩᠭᠠᠮᠵᠢ ᠦᠢᠯᠡᠳᠪᠦᠷᠢᠯᠡᠭᠴᠢᠳ ᠤᠨ ᠪᠦᠲᠦᠭᠡᠭᠳᠡᠬᠦᠨ᠂ ᠦᠢᠯᠡᠴᠢᠯᠡᠭᠡ ᠊ᠢᠢ ᠰᠤᠷᠲᠠᠯᠴᠢᠯᠠᠨ ᠲᠠᠨᠢᠭᠤᠯᠬᠤ ᠵᠣᠷᠢᠯᠭ᠎ᠠ ᠪᠠᠷ 《ᠴᠠᠬᠢᠮ ᠊ᠳᠤ ᠬᠡᠪᠰᠢᠶ᠎ᠡ》 ᠤᠷᠢᠶᠠᠨ ᠳᠣᠣᠷ᠎ᠠ 《ᠴᠠᠬᠢᠮ ᠬᠥᠭᠵᠢᠯ ᠤᠨ ᠡᠳᠦᠷᠯᠢᠭ》 ᠠᠷᠭ᠎ᠠ ᠬᠡᠮᠵᠢᠶ᠎ᠡ ᠊ᠢᠢ ᠒᠑ ᠠᠶᠢᠮᠠᠭ ᠲᠤ ᠵᠣᠬᠢᠶᠠᠨ ᠪᠠᠶᠢᠭᠤᠯᠬᠤ ᠡᠭᠦᠷᠭᠡ ᠪᠦᠬᠦᠢ ᠼᠠ᠊ ᠬᠥ᠊ ᠬᠠ᠊ ᠬᠣ᠊-᠊ᠤ ᠳᠡᠳ᠋ ᠰᠠᠶᠢᠳ ᠵ ∙ ᠡᠷᠬᠢᠮᠪᠠᠭᠠᠲᠤᠷ ᠊ᠢᠢᠠᠷ ᠠᠬᠠᠯᠠᠭᠤᠯᠤᠭᠰᠠᠨ ᠠᠵᠢᠯ ᠤᠨ ᠬᠡᠰᠡᠭ ᠥᠨᠥᠳᠥᠷ (᠒᠐᠒᠓.᠐᠓.᠒᠕) ᠪᠠᠶᠠᠨᠬᠣᠩᠭᠣᠷ ᠠᠶᠢᠮᠠᠭ ᠲᠤ ᠠᠵᠢᠯᠯᠠᠵᠤ ᠪᠠᠶᠢᠨ᠎ᠠ᠃

ᠡᠨᠡᠬᠦ ᠠᠷᠭ᠎ᠠ ᠬᠡᠮᠵᠢᠶ᠎ᠡ ᠪᠡᠷ ᠴᠠᠬᠢᠮ ᠰᠢᠯᠵᠢᠯᠲᠡ ᠊ᠢᠢ ᠦᠨᠳᠦᠰᠦᠨ ᠊ᠤ ᠬᠡᠮᠵᠢᠶᠡᠨ ᠊ᠳᠦ ᠡᠷᠴᠢᠮᠵᠢᠭᠦᠯᠬᠦ᠂ ᠲᠥᠷᠥ ᠊ᠢᠢᠨ ᠴᠠᠬᠢᠮ ᠦᠢᠯᠡᠴᠢᠯᠡᠭᠡᠨ ᠊ᠤ ᠴᠢᠨᠠᠷ᠂ ᠬᠦᠷᠲᠡᠭᠡᠮᠵᠢ ᠊ᠢᠢ ᠨᠡᠮᠡᠭᠳᠡᠭᠦᠯᠬᠦ᠂ ᠪᠦᠬᠦ ᠨᠡᠶᠢᠲᠡ ᠊ᠢᠢᠨ ᠴᠠᠬᠢᠮ ᠤᠷ᠎ᠠ ᠴᠢᠳᠠᠪᠤᠷᠢ ᠊ᠢᠢ ᠳᠡᠭᠡᠭᠰᠢᠯᠡᠭᠦᠯᠬᠦ ᠴᠢᠭᠯᠡᠯ ᠊ᠢᠢᠡᠷ ᠣᠯᠠᠨ ᠲᠠᠯᠠᠲᠤ ᠴᠣᠭᠴᠠ ᠠᠷᠭ᠎ᠠ ᠬᠡᠮᠵᠢᠶ᠎ᠡ ᠊ᠢᠢ ᠬᠡᠷᠡᠭᠵᠢᠭᠦᠯᠬᠦ ᠶᠤᠮ᠃ ᠡᠭᠦᠨ ᠊ᠳᠦ᠄

✅ᠠᠶᠢᠮᠠᠭ ᠤᠨ ᠽᠠ᠊ ᠳᠠ᠊ ᠲᠠ᠊ ᠭᠠ᠊-ᠤᠨ ᠤᠳᠤᠷᠢᠳᠬᠤ ᠠᠯᠪᠠᠨ ᠲᠤᠰᠢᠶᠠᠯᠲᠠᠨ᠂ ᠲᠥᠷᠥ ᠊ᠢᠢᠨ ᠪᠣᠯᠤᠨ ᠬᠤᠪ ᠤᠨ ᠬᠡᠪᠰᠢᠯ ᠤᠨ ᠪᠠᠶᠢᠭᠤᠯᠤᠯᠭ᠎ᠠ ᠊ᠢᠢᠨ ᠤᠳᠤᠷᠢᠳᠤᠯᠭ᠎ᠠ ᠨᠤᠭᠤᠳ᠂ ᠢᠷᠭᠡᠳ᠂ ᠣᠯᠠᠨ ᠨᠡᠶᠢᠲᠡ ᠊ᠳᠦ ᠵᠣᠷᠢᠭᠤᠯᠤᠭᠰᠠᠨ ᠼᠠ᠊ ᠬᠥ᠊ ᠬᠠ᠊ ᠬᠣ᠊ ᠶᠠ᠊ ᠍- ᠡᠴᠠ ᠪᠦᠰᠡᠴᠢᠯᠡᠭᠰᠡᠨ ᠬᠥᠭᠵᠢᠯ ᠤᠨ ᠵᠣᠷᠢᠯᠲᠠ ᠊ᠢᠢᠨ ᠬᠦᠷᠢᠶᠡᠨ ᠊ᠳᠦ ᠬᠡᠷᠡᠭᠵᠢᠭᠦᠯᠵᠦ ᠪᠤᠢ ᠵᠣᠷᠢᠯᠲᠠ᠂ ᠪᠣᠳᠣᠯᠭ᠎ᠠ᠂ ᠠᠷᠭ᠎ᠠ ᠬᠡᠮᠵᠢᠶᠡᠨ ᠊ᠤ ᠲᠠᠯᠠᠭᠠᠷᠬᠢ ᠲᠠᠨᠢᠯᠴᠠᠭᠤᠯᠭ᠎ᠠ᠂ ᠮᠡᠳᠡᠭᠡᠯᠡᠯ

✅ᠼᠠ᠊ ᠬᠥ᠊ ᠬᠠ᠊ ᠬᠣ᠊ ᠶᠠ᠊- ᠊ᠤ ᠬᠠᠷᠢᠶ᠎ᠠ ᠪᠣᠯᠤᠨ ᠰᠠᠯᠪᠤᠷᠢ ᠪᠠᠶᠢᠭᠤᠯᠤᠯᠭ᠎ᠠ ᠨᠤᠭᠤᠳ ᠤᠨ ᠲᠥᠷᠥ ᠊ᠢᠢᠨ ᠪᠠᠶᠢᠭᠤᠯᠤᠯᠭ᠎ᠠ ᠨᠤᠭᠤᠳ ᠤᠨ ᠦᠢᠯᠡᠴᠢᠯᠡᠭᠡ᠂ ᠦᠢᠯᠡ ᠠᠵᠢᠯᠯᠠᠭᠠᠨ ᠊ᠳᠤ ᠰᠢᠨ᠎ᠡ ᠰᠢᠰᠲ᠋ᠧᠮ᠂ ᠦᠢᠯᠡᠴᠢᠯᠡᠭᠡ ᠨᠡᠪᠲᠡᠷᠡᠭᠦᠯᠬᠦ ᠪᠣᠯᠤᠮᠵᠢ ᠊ᠢᠢᠨ ᠲᠠᠯᠠᠭᠠᠷᠬᠢ ᠲᠠᠨᠢᠯᠴᠠᠭᠤᠯᠭ᠎ᠠ᠂ ᠮᠡᠳᠡᠭᠡᠯᠡᠯ

✅ᠢᠷᠭᠡᠳ᠂ ᠣᠯᠠᠨ ᠨᠡᠶᠢᠲᠡ᠂ ᠶᠡᠷᠦᠩᠬᠡᠢ ᠪᠣᠯᠪᠠᠰᠤᠷᠠᠯ ᠤᠨ ᠰᠤᠷᠭᠠᠭᠤᠯᠢ ᠊ᠢᠢᠨ ᠪᠠᠭᠰᠢ᠂ ᠠᠬᠠᠯᠠᠬᠤ ᠠᠩᠬᠢ ᠊ᠢᠢᠨ ᠰᠤᠷᠤᠭᠴᠢᠳ ᠲᠤ ᠵᠣᠷᠢᠭᠤᠯᠤᠭᠰᠠᠨ ᠰᠤᠷᠭᠠᠯᠲᠠ

✅ᠪᠢᠽᠢᠨ᠋ᠧᠰ ᠡᠷᠬᠢᠯᠡᠭᠴᠢ᠂ ᠠᠵᠤ ᠠᠬᠤᠢ ᠨᠢᠭᠡᠴᠡ ᠨᠦᠭᠦᠳ ᠲᠦ ᠵᠣᠷᠢᠭᠤᠯᠤᠭᠰᠠᠨ ᠮᠣᠩᠭᠣᠯ ᠤᠨ ᠫᠷᠣᠭᠷᠠᠮ ᠬᠠᠩᠭᠠᠮᠵᠢ ᠦᠢᠯᠡᠳᠪᠦᠷᠢᠯᠡᠭᠴᠢᠳ ᠤᠨ ᠬᠣᠯᠪᠣᠭᠠᠨ ᠊ᠤ ᠭᠡᠰᠢᠭᠦᠨ ᠑᠖ ᠪᠠᠶᠢᠭᠤᠯᠤᠯᠭ᠎ᠠ ᠲᠥᠷᠥ᠂ ᠬᠤᠪ ᠤᠨ ᠬᠡᠪᠰᠢᠯ᠂ ᠲᠥᠷᠥ ᠊ᠢᠢᠨ ᠪᠤᠰᠤ ᠪᠠᠶᠢᠭᠤᠯᠤᠯᠭ᠎ᠠ ᠤᠨ ᠪᠦᠲᠦᠭᠡᠭᠳᠡᠬᠦᠨ ᠦᠢᠯᠡᠴᠢᠯᠡᠭᠡ᠂ ᠦᠵᠡᠰᠬᠦᠯᠡᠩ᠂ ᠬᠤᠳᠠᠯᠳᠤᠭ᠎ᠠ᠂ ᠵᠥᠪᠯᠡᠭᠡ᠂ ᠮᠡᠳᠡᠭᠡᠯᠡᠯ

✅ᠲᠥᠷᠦ ᠊ᠢᠢᠨ ᠠᠯᠪᠠᠨ ᠬᠠᠭᠠᠭᠴᠢᠳ ᠲᠤ ᠵᠣᠷᠢᠭᠤᠯᠤᠭᠰᠠᠨ ᠲᠥᠷᠦ ᠊ᠢᠢᠨ ᠴᠠᠬᠢᠮ ᠦᠢᠯᠡᠴᠢᠯᠡᠭᠡᠨ ᠊ᠤ ᠲᠤᠬᠠᠢ ᠰᠤᠷᠭᠠᠯᠲᠠ᠂ ᠬᠢᠴᠢᠶᠡᠯ ᠤᠳ

ᠴᠠᠬᠢᠮ ᠬᠥᠭᠵᠢᠯ ᠤᠨ ᠡᠳᠦᠷᠯᠢᠭ ᠠᠷᠭ᠎ᠠ ᠬᠡᠮᠵᠢᠶ᠎ᠡ ᠊ᠢᠢ ᠒᠑ ᠠᠶᠢᠮᠠᠭ ᠲᠤ ᠵᠣᠬᠢᠶᠠᠨ ᠪᠠᠶᠢᠭᠤᠯᠤᠭᠰᠠᠨ ᠊ᠢᠢᠠᠷ ᠴᠠᠬᠢᠮ ᠰᠢᠯᠵᠢᠯᠲᠡ ᠊ᠳᠦ ᠲᠤᠯᠭᠠᠮᠳᠠᠵᠤ ᠪᠤᠢ ᠨᠡᠶᠢᠲᠡᠯᠢᠭ ᠠᠰᠠᠭᠤᠳᠠᠯ ᠊ᠳᠤ ᠰᠢᠢᠳᠦᠯ᠂ ᠰᠠᠨᠠᠯ ᠪᠣᠯᠭᠠᠬᠤ᠂ ᠴᠠᠬᠢᠮ ᠠᠶᠢᠮᠠᠭ ᠪᠣᠳᠣᠯᠭ᠎ᠠ ᠊ᠢᠢᠨ ᠵᠥᠪᠯᠡᠮᠵᠢ ᠊ᠢᠢ ᠬᠡᠷᠡᠭᠵᠢᠭᠦᠯᠬᠦ᠂ ᠢᠷᠭᠡᠳ ᠤᠨ ᠴᠠᠬᠢᠮ ᠤᠷ᠎ᠠ ᠴᠢᠳᠠᠪᠤᠷᠢ ᠊ᠢᠢ ᠳᠡᠭᠡᠭᠰᠢᠯᠡᠭᠦᠯᠬᠦ᠂ ᠮᠡᠳᠡᠭᠡᠯᠡᠯ ᠤᠨ ᠲᠧᠭᠨᠣᠯᠣᠭᠢ ᠊ᠢᠢᠨ ᠦᠨᠳᠦᠰᠦᠨ ᠊ᠤ ᠺᠣᠮᠫᠠᠨᠢ ᠊ᠢᠢᠨ ᠬᠥᠭᠵᠢᠭᠦᠯᠵᠦ ᠪᠠᠶᠢᠭ᠎ᠠ ᠫᠷᠣᠭᠷᠠᠮ ᠬᠠᠩᠭᠠᠮᠵᠢ ᠪᠦᠲᠦᠭᠡᠭᠳᠡᠬᠦᠨ ᠊ᠢ ᠰᠤᠷᠲᠠᠯᠴᠢᠯᠠᠨ ᠲᠠᠨᠢᠭᠤᠯᠵᠤ᠂ ᠲᠥᠷᠦ᠂ ᠬᠤᠪ ᠤᠨ ᠬᠡᠪᠰᠢᠯ ᠤᠨ ᠲᠦᠩᠰᠢᠯᠡᠯ ᠊ᠢ ᠰᠠᠶᠢᠵᠢᠷᠠᠭᠤᠯᠬᠤ ᠨᠥᠬᠥᠴᠡᠯ ᠪᠦᠷᠢᠳᠦᠨ᠎ᠡ᠃

ᠨᠡᠶᠢᠲᠡᠯᠡᠭᠰᠡᠨ᠄