ᠴᠠᠬᠢᠮ ᠬᠥᠭᠵᠢᠯ᠂ ᠬᠠᠷᠢᠯᠴᠠᠭ᠎ᠠ ᠬᠣᠯᠪᠣᠭᠠᠨ ᠊ᠤ ᠰᠠᠶᠢᠳ ᠨ ∙ ᠤᠴᠠᠷᠠᠯ ᠶᠡᠬᠡ ᠪᠷᠢᠲ᠋ᠠᠨᠢ᠂ ᠤᠮᠠᠷᠠᠲᠤ ᠢᠷᠯᠠᠨᠳ᠋ ᠍ ᠤᠨ ᠨᠢᠭᠡᠳᠦᠭᠰᠡᠨ ᠬᠠᠭᠠᠨᠲᠤ ᠤᠯᠤᠰ ᠡᠴᠠ ᠮᠣᠩᠭᠣᠯ ᠤᠯᠤᠰ ᠲᠤ ᠰᠠᠭᠤᠭ᠎ᠠ ᠣᠨᠴᠠ ᠪᠥᠭᠡᠳ ᠪᠥᠷᠢᠨ ᠡᠷᠬᠡᠲᠦ ᠡᠯᠴᠢᠨ ᠰᠠᠶᠢᠳ ᠡᠷᠬᠢᠮᠰᠦᠭ ᠬᠠᠲᠤᠭᠲᠠᠢ ᠹᠢᠣᠨᠠ ᠪᠠᠯᠠᠶᠢᠲᠤ ᠊ᠢᠢ ᠥᠨᠥᠳᠥᠷ ᠬᠦᠯᠢᠶᠡᠨ ᠠᠪᠴᠤ ᠠᠭᠤᠯᠵᠠᠯ᠎ᠠ


ᠠᠭᠤᠯᠵᠠᠯᠲᠠ ᠪᠠᠷ ᠨ ∙ ᠤᠴᠠᠷᠠᠯ ᠰᠠᠶᠢᠳ ᠪᠷᠢᠲ᠋ᠠᠨᠢ ᠤᠯᠤᠰ ᠴᠠᠬᠢᠮ ᠵᠠᠰᠠᠭᠯᠠᠯ ᠤᠨ ᠢᠨᠳᠧᠺᠰ ᠪᠣᠯᠤᠨ ᠦᠨᠳᠦᠰᠦᠨ ᠊ᠤ ᠺᠢᠪᠧᠷ ᠠᠶᠤᠯ ᠦᠭᠡᠢ ᠪᠠᠶᠢᠳᠠᠯ ᠤᠨ ᠢᠨᠳᠧᠺᠰ ᠊ᠢᠢᠡᠷ ᠳᠡᠯᠡᠬᠡᠢ ᠊ᠳᠦ ᠲᠡᠷᠢᠭᠦᠯᠡᠭᠴᠢ ᠤᠯᠤᠰ ᠤᠳ ᠤᠨ ᠨᠢᠭᠡ ᠲᠤᠯᠠ ᠴᠢᠨᠠᠭᠰᠢᠳᠠ ᠳᠡᠭᠡᠷᠡᠬᠢ ᠴᠢᠭᠯᠡᠯ ᠊ᠢᠢᠡᠷ ᠲᠤᠷᠰᠢᠯᠭ᠎ᠠ ᠰᠣᠯᠢᠯᠴᠠᠨ ᠬᠠᠮᠲᠤᠷᠠᠨ ᠠᠵᠢᠯᠯᠠᠬᠤ ᠰᠣᠨᠢᠷᠬᠠᠯᠲᠠᠢ ᠪᠠᠶᠢᠨ᠎ᠠ ᠭᠡᠳᠡᠭ ᠊ᠢᠢᠡᠨ ᠢᠯᠡᠷᠬᠡᠶᠢᠯᠡᠪᠡ᠃

ᠡᠯᠴᠢᠨ ᠰᠠᠶᠢᠳ ᠹᠢᠣᠨᠠ ᠪᠯᠠᠢ ᠊ᠳᠤ ᠮᠣᠩᠭᠣᠯ ᠤᠯᠤᠰ ᠤᠨ ᠵᠠᠰᠠᠭ ᠤᠨ ᠭᠠᠵᠠᠷ ᠡᠴᠠ ᠬᠡᠷᠡᠭᠵᠢᠭᠦᠯᠵᠦ ᠪᠤᠢ ᠴᠠᠬᠢᠮ ᠰᠢᠯᠵᠢᠯᠲᠡ ᠊ᠢᠢᠨ ᠪᠣᠳᠣᠯᠭ᠎ᠠ᠂ ᠦᠢᠯᠡ ᠠᠵᠢᠯᠯᠠᠭ᠎ᠠ ᠪᠣᠭᠣᠨᠢ ᠬᠤᠭᠤᠴᠠᠭᠠᠨ ᠊ᠳᠤ ᠪᠣᠳᠠᠲᠤ ᠦᠷ᠎ᠡ ᠳ᠋ᠦᠩ ᠊ᠳᠦ ᠬᠦᠷᠴᠦ ᠪᠠᠶᠢᠭ᠎ᠠ ᠊ᠢᠢ ᠰᠠᠶᠢᠰᠢᠶᠠᠵᠤ᠂ ᠴᠢᠨᠠᠭᠰᠢᠳᠠ ᠬᠣᠶᠠᠷ ᠣᠷᠣᠨ ᠊ᠤ ᠴᠠᠬᠢᠮ ᠵᠠᠰᠠᠭᠯᠠᠯ᠂ ᠺᠢᠪᠧᠷ ᠠᠶᠤᠯ ᠦᠭᠡᠢ ᠪᠠᠶᠢᠳᠠᠯ ᠤᠨ ᠬᠠᠮᠲᠤ ᠊ᠢᠢᠨ ᠠᠵᠢᠯᠯᠠᠭ᠎ᠠ ᠊ᠢᠢ ᠥᠷᠭᠡᠵᠢᠭᠦᠯᠦᠨ ᠬᠥᠭᠵᠢᠭᠦᠯᠬᠦ ᠳᠦ ᠬᠠᠮᠲᠤᠷᠠᠨ ᠠᠵᠢᠯᠯᠠᠬᠤ ᠪᠠᠨ ᠢᠯᠡᠷᠬᠡᠶᠢᠯᠡᠭᠰᠡᠨ ᠶᠤᠮ᠃

ᠨᠡᠶᠢᠲᠡᠯᠡᠭᠰᠡᠨ᠄