ᠥᠪᠦᠷᠬᠠᠩᠭᠠᠢ ᠠᠶᠢᠮᠠᠭ ᠤᠨ ᠲᠥᠷᠥ ᠊ᠢᠢᠨ ᠠᠯᠪᠠᠨ ᠬᠠᠭᠠᠭᠴᠢ᠂ ᠮᠡᠳᠡᠭᠡᠯᠡᠯ ᠤᠨ ᠲᠧᠭᠨᠣᠯᠣᠭᠢ ᠊ᠢᠢᠨ ᠠᠵᠢᠯᠴᠢᠳ ᠪᠣᠯᠤᠨ ᠶᠡᠷᠦᠩᠬᠡᠢ ᠪᠣᠯᠪᠠᠰᠤᠷᠠᠯ ᠤᠨ ᠰᠤᠷᠭᠠᠭᠤᠯᠢ᠂ ᠫᠣᠯᠢᠲ᠋ᠧᠭᠨᠢᠭ ᠤᠨ ᠺᠣᠯᠯᠧᠵᠢ ᠊ᠢᠢᠨ ᠣᠶᠤᠲᠠᠨ ᠨᠤᠭᠤᠳ ᠤᠨ ᠴᠠᠬᠢᠮ ᠤᠷ᠎ᠠ ᠴᠢᠳᠠᠪᠤᠷᠢ ᠊ᠢᠢ ᠳᠡᠭᠡᠭᠰᠢᠯᠡᠭᠦᠯᠦᠯ᠎ᠡ


ᠴᠠᠬᠢᠮ ᠬᠥᠭᠵᠢᠯ᠂ ᠬᠠᠷᠢᠯᠴᠠᠭ᠎ᠠ ᠬᠣᠯᠪᠣᠭᠠᠨ ᠊ᠤ ᠶᠠᠮᠤ ᠪᠣᠯᠤᠨ ᠬᠠᠷᠢᠶ᠎ᠠ᠂ ᠰᠠᠯᠪᠤᠷᠢ ᠪᠠᠶᠢᠭᠤᠯᠤᠯᠭ᠎ᠠ ᠊ᠢᠢᠨ ᠬᠣᠯᠪᠣᠭᠳᠠᠬᠤ ᠠᠯᠪᠠᠨ ᠊ᠤ ᠲᠥᠯᠥᠭᠡᠯᠡᠯ ᠥᠪᠦᠷᠬᠠᠩᠭᠠᠢ ᠠᠶᠢᠮᠠᠭ ᠤᠨ ᠲᠥᠷᠥ ᠊ᠢᠢᠨ ᠪᠠᠶᠢᠭᠤᠯᠤᠯᠭ᠎ᠠ ᠊ᠢᠢᠨ ᠠᠬᠠᠯᠠᠬᠤ ᠪᠣᠯᠤᠨ ᠳᠣᠲᠣᠭᠠᠳᠤ ᠠᠵᠢᠯ ᠬᠠᠷᠢᠭᠤᠴᠠᠭᠰᠠᠨ ᠮᠡᠷᠭᠡᠵᠢᠯᠲᠡᠨ ᠨᠦᠭᠦᠳ᠂ ᠮᠡᠳᠡᠭᠡᠯᠡᠯ ᠤᠨ ᠲᠧᠭᠨᠣᠯᠣᠭᠢ ᠬᠠᠷᠢᠭᠤᠴᠠᠭᠰᠠᠨ ᠠᠵᠢᠯᠲᠠᠨ᠂ ᠬᠦᠮᠦᠨ ᠊ᠤ ᠨᠥᠭᠡᠴᠡ᠂ ᠪᠢᠴᠢᠭ ᠬᠡᠷᠡᠭ ᠤᠨ ᠠᠵᠢᠯᠲᠠᠨ ᠨᠤᠭᠤᠳ᠂ ᠰᠤᠮᠤᠳ ᠤᠨ e-mongolia ᠬᠠᠷᠢᠭᠤᠴᠠᠭᠰᠠᠨ ᠣᠫᠧᠷᠠᠲ᠋ᠣᠷ ᠤᠳ ᠤᠨ ᠴᠠᠬᠢᠮ ᠤᠷ᠎ᠠ ᠴᠢᠳᠠᠪᠤᠷᠢ ᠊ᠢᠢ ᠳᠡᠭᠡᠭᠰᠢᠯᠡᠭᠦᠯᠬᠦ ᠰᠤᠷᠭᠠᠯᠲᠠ ᠵᠣᠬᠢᠶᠠᠨ ᠪᠠᠶᠢᠭᠤᠯᠤᠯ᠎ᠠ᠃

ᠲᠥᠷᠥ ᠊ᠢᠢᠨ ᠠᠯᠪᠠᠨ ᠬᠠᠭᠠᠭᠴᠢᠳ᠂ ᠮᠡᠳᠡᠭᠡᠯᠡᠯ ᠤᠨ ᠲᠧᠭᠨᠣᠯᠣᠭᠢ ᠊ᠢᠢᠨ ᠮᠡᠷᠭᠡᠵᠢᠯᠲᠡᠨ ᠨᠦᠭᠦᠳ ᠲᠦ ᠬᠢᠭᠰᠡᠨ ᠰᠤᠷᠭᠠᠯᠲᠠ ᠊ᠢᠢᠨ ᠠᠭᠤᠯᠭ᠎ᠠ᠄

✅ᠺᠢᠪᠧᠷ ᠠᠶᠤᠯ ᠦᠭᠡᠢ ᠪᠠᠶᠢᠳᠠᠯ ᠤᠨ ᠬᠠᠤᠯᠢ᠂ ᠡᠷᠬᠡ ᠵᠦᠢ ᠊ᠢᠢᠨ ᠣᠷᠴᠢᠨ᠂ ᠺᠢᠪᠧᠷ ᠠᠶᠤᠯ ᠦᠭᠡᠢ ᠪᠠᠶᠢᠳᠠᠯ ᠊ᠢ ᠬᠠᠩᠭᠠᠬᠤ ᠨᠡᠶᠢᠲᠡᠯᠢᠭ ᠵᠢᠷᠤᠮ ᠢ ᠬᠡᠷᠡᠭᠵᠢᠭᠦᠯᠬᠦ᠂ ᠮᠣᠩᠭᠣᠯ ᠤᠯᠤᠰ ᠤᠨ ᠺᠢᠪᠧᠷ ᠠᠶᠤᠯ ᠦᠭᠡᠢ ᠪᠠᠶᠢᠳᠠᠯ ᠤᠨ ᠥᠨᠥ ᠊ᠢᠢᠨ ᠨᠥᠬᠥᠴᠡᠯ ᠪᠠᠶᠢᠳᠠᠯ

✅ᠲᠥᠷᠥ ᠊ᠢᠢᠨ ᠪᠠᠶᠢᠭᠤᠯᠤᠯᠭ᠎ᠠ ᠊ᠢᠢᠨ ᠮᠡᠳᠡᠭᠡᠯᠡᠯ ᠤᠨ ᠲᠧᠭᠨᠣᠯᠣᠭᠢ ᠊ᠢᠢᠨ ᠮᠡᠷᠭᠡᠵᠢᠯᠲᠡᠨ ᠨᠦᠭᠦᠳ ᠲᠦ ᠲᠥᠷᠥ ᠊ᠢᠢᠨ ᠡᠭᠦᠯᠡᠨ ᠲᠣᠭᠠᠴᠠᠭᠠᠯᠠᠯ ᠤᠨ ᠳᠡᠳ᠋ ᠪᠦᠲᠦᠴᠡ /mCloud/

✅ᠴᠠᠬᠢᠮ ᠣᠷᠴᠢᠨ ᠊ᠤ ᠵᠣᠬᠢᠴᠠᠭᠤᠯᠤᠯᠲᠠ

✅ᠲᠥᠷᠦ ᠊ᠢᠢᠨ ᠠᠯᠪᠠᠨ ᠬᠠᠭᠠᠭᠴᠢᠳ ᠲᠤ ᠵᠣᠷᠢᠭᠤᠯᠤᠭᠰᠠᠨ docx᠂ erp᠂ sudalgaa.gov.mn᠂ ekids ᠰᠢᠰᠲ᠋ᠧᠮ

✅ᠣᠷᠣᠨ ᠨᠤᠲᠤᠭ ᠤᠨ ᠲᠥᠷᠥ ᠊ᠢᠢᠨ ᠦᠢᠯᠡᠴᠢᠯᠡᠭᠡᠨ ᠊ᠳᠤ ᠫᠷᠣᠼᠧᠰᠰ ᠤᠨ ᠰᠢᠨᠵᠢᠯᠡᠭᠡ ᠬᠢᠬᠦ᠂ ᠳᠠᠬᠢᠨ ᠵᠠᠭᠪᠤᠷᠴᠢᠯᠠᠵᠤ ᠲᠥᠷᠥ ᠊ᠢᠢᠨ ᠦᠢᠯᠡᠴᠢᠯᠡᠭᠡᠨ ᠊ᠤ ᠨᠢᠭᠡᠳᠦᠭᠰᠡᠨ ᠰᠢᠰᠲ᠋ᠧᠮ ᠊ᠳᠦ ᠬᠤᠯᠪᠤᠬᠤ ᠲᠥᠰᠥᠯ ᠤᠨ ᠲᠠᠨᠢᠯᠴᠠᠭᠤᠯᠭ᠎ᠠ

ᠶᠡᠷᠦᠩᠬᠡᠢ ᠪᠣᠯᠪᠠᠰᠤᠷᠠᠯ ᠤᠨ ᠰᠤᠷᠭᠠᠭᠤᠯᠢ ᠊ᠢᠢᠨ ᠪᠠᠭᠰᠢ᠂ ᠰᠤᠷᠤᠭᠴᠢᠳ᠂ ᠫᠣᠯᠢᠲ᠋ᠧᠭᠨᠢᠭ ᠤᠨ ᠺᠣᠯᠯᠧᠵᠢ ᠊ᠢᠢᠨ ᠣᠶᠤᠲᠠᠨ ᠨᠤᠭᠤᠳ ᠲᠤ ᠬᠢᠭᠰᠡᠨ ᠰᠤᠷᠭᠠᠯᠲᠠ ᠊ᠢᠢᠨ ᠠᠭᠤᠯᠭ᠎ᠠ᠄

✅《ᠴᠠᠬᠢᠮ ᠣᠷᠴᠢᠨ ᠳ᠋ᠠᠬᠢ ᠬᠡᠦᠬᠡᠳ ᠬᠠᠮᠠᠭᠠᠯᠠᠯ᠂ ᠬᠡᠦᠬᠡᠳ ᠬᠠᠮᠠᠭᠠᠯᠠᠯ ᠤᠨ ᠲᠤᠬᠠᠢ ᠬᠠᠤᠯᠢ /ᠰᠢᠨᠡᠴᠢᠯᠡᠭᠰᠡᠨ ᠨᠠᠶᠢᠷᠠᠭᠤᠯᠭ᠎ᠠ/ ᠍ ᠊ᠳᠤ ᠴᠠᠬᠢᠮ ᠣᠷᠴᠢᠨ ᠊ᠳᠤ ᠬᠡᠦᠬᠡᠳ ᠤᠨ ᠡᠷᠬᠡ ᠊ᠢᠢ ᠬᠠᠮᠠᠭᠠᠯᠠᠬᠤ ᠲᠠᠢ ᠬᠣᠯᠪᠣᠭ᠎ᠠ ᠲᠠᠢ ᠵᠣᠬᠢᠴᠠᠭᠤᠯᠤᠯᠲᠠ ᠊ᠢᠢᠨ ᠲᠠᠯᠠᠭᠠᠷᠬᠢ ᠮᠡᠳᠡᠭᠡᠯᠡᠯ /ᠬᠠᠷᠢᠯᠴᠠᠭ᠎ᠠ ᠬᠣᠯᠪᠣᠭᠠᠨ ᠊ᠤ ᠵᠣᠬᠢᠴᠠᠭᠤᠯᠬᠤ ᠬᠣᠷᠢᠶᠠᠨ ᠊ᠤ ᠮᠡᠷᠭᠡᠵᠢᠯᠲᠡᠨ ᠳ ∙ ᠳᠡᠯᠭᠡᠷᠮ᠎ᠠ/

✅ᠮᠡᠷᠭᠡᠵᠢᠯ ᠊ᠢᠢᠡᠨ ᠰᠣᠩᠭᠣᠬᠤ ᠨᠢ /ᠡᠮᠫᠠᠰᠣᠹᠲ ᠲᠧᠭᠨᠣᠯᠣᠭᠢ ᠊ᠢᠢᠨ ᠰᠤᠷᠭᠠᠭᠤᠯᠢ ᠊ᠢᠢᠨ ᠵᠠᠬᠢᠷᠤᠯ ᠨ ∙ ᠡᠩᠬᠡᠰᠠᠶᠢᠬᠠᠨ/

✅ᠢᠷᠡᠭᠡᠳᠦᠢ ᠊ᠳᠦ ᠬᠡᠷᠡᠭᠲᠡᠢ ᠤᠷ᠎ᠠ ᠴᠢᠳᠠᠪᠤᠷᠢ /ᠲᠡᠺᠰᠲᠷᠢᠮ ᠬ᠊ ᠬ᠊ ᠺ /Timely.min/ ᠍ ᠊ᠤ ᠡᠭᠦᠰᠬᠡᠨ ᠪᠠᠶᠢᠭᠤᠯᠤᠭᠴᠢ ᠨ ∙ ᠪᠣᠯᠣᠷᠬᠡᠦ/

ᠲᠥᠷᠥ ᠊ᠢᠢᠨ ᠠᠯᠪᠠᠨ ᠬᠠᠭᠠᠭᠴᠢᠳ ᠲᠤ ᠬᠢᠭᠰᠡᠨ ᠰᠤᠷᠭᠠᠯᠲᠠ ᠊ᠳᠤ ᠕᠐ ᠭᠠᠷᠤᠢ ᠠᠯᠪᠠᠨ ᠬᠠᠭᠠᠭᠴᠢ᠂ ᠶᠡᠷᠦᠩᠬᠡᠢ ᠪᠣᠯᠪᠠᠰᠤᠷᠠᠯ ᠤᠨ ᠰᠤᠷᠭᠠᠭᠤᠯᠢ᠂ ᠫᠣᠯᠢᠲ᠋ᠧᠭᠨᠢᠭ ᠤᠨ ᠺᠣᠯᠯᠧᠵᠢ ᠊ᠢᠢᠨ ᠪᠠᠭᠰᠢ᠂ ᠣᠶᠤᠲᠠᠨ ᠨᠤᠭᠤᠳ ᠲᠤ ᠬᠢᠭᠰᠡᠨ ᠰᠤᠷᠭᠠᠯᠲᠠ ᠊ᠳᠤ ᠨᠡᠶᠢᠲᠡ ᠕ ᠰᠤᠷᠭᠠᠭᠤᠯᠢ᠂ ᠫᠣᠯᠢᠲ᠋ᠧᠭᠨᠢᠭ ᠤᠨ ᠺᠣᠯᠯᠧᠵᠢ᠂ ᠨᠠᠰᠤᠨ ᠲᠤᠷᠰᠢ ᠊ᠢᠢᠨ ᠪᠣᠯᠪᠠᠰᠤᠷᠠᠯ ᠤᠨ ᠲᠥᠪ ᠤᠨ ᠕᠐᠐ ᠭᠠᠷᠤᠢ ᠪᠠᠭᠰᠢ᠂ ᠨᠡᠶᠢᠭᠡᠮ ᠤᠨ ᠠᠵᠢᠯᠲᠠᠨ᠂ ᠣᠶᠤᠲᠠᠨ᠂ ᠰᠤᠷᠤᠭᠴᠢᠳ ᠬᠠᠮᠤᠷᠤᠭᠳᠠᠪᠠ᠃

ᠨᠡᠶᠢᠲᠡᠯᠡᠭᠰᠡᠨ᠄