ᠼᠠ᠊ ᠬᠥ᠊ ᠬᠠ᠊ ᠬᠣ᠊-᠊ᠤ ᠳᠡᠳ᠋ ᠰᠠᠶᠢᠳ ᠵ ∙ ᠡᠷᠬᠢᠮᠪᠠᠭᠠᠲᠤᠷ ᠊ᠢᠢᠠᠷ ᠠᠬᠠᠯᠠᠭᠤᠯᠤᠭᠰᠠᠨ ᠠᠵᠢᠯ ᠤᠨ ᠬᠡᠰᠡᠭ ᠤᠨ ᠪᠦᠷᠢᠯᠳᠦᠬᠦᠨ ᠊ᠢ ᠠᠷᠤᠬᠠᠩᠭᠠᠢ ᠠᠶᠢᠮᠠᠭ ᠤᠨ ᠵᠠᠰᠠᠭ ᠳᠠᠷᠤᠭ᠎ᠠ ᠪ ∙ ᠰᠡᠷᠡᠩᠨᠠᠳᠮᠢᠳ ᠬᠦᠯᠢᠶᠡᠨ ᠠᠪᠴᠤ ᠠᠭᠤᠯᠵᠠᠯ᠎ᠠ


ᠠᠭᠤᠯᠵᠠᠯᠲᠠ ᠊ᠢᠢᠨ ᠡᠬᠢᠨ ᠊ᠳᠦ ᠵᠠᠰᠠᠭ ᠳᠠᠷᠤᠭ᠎ᠠ ᠪ ∙ ᠰᠡᠷᠡᠩᠨᠠᠳᠮᠢᠳ 《ᠴᠠᠬᠢᠮ ᠊ᠳᠤ ᠬᠡᠪᠰᠢᠶ᠎ᠡ》 ᠦᠨᠳᠦᠰᠦᠨ ᠊ᠤ ᠬᠡᠮᠵᠢᠶᠡᠨ ᠊ᠳᠦ ᠥᠷᠨᠢᠵᠦ ᠪᠤᠢ ᠠᠶᠠᠨ ᠊ᠢ ᠰᠠᠨᠠᠭᠠᠴᠢᠯᠠᠨ᠂ ᠵᠣᠬᠢᠶᠠᠨ ᠪᠠᠶᠢᠭᠤᠯᠵᠤ ᠪᠤᠢ ᠼᠠ᠊ ᠬᠥ᠊ ᠬᠠ᠊ ᠬᠣ᠊ ᠶᠠ᠊ ᠪᠣᠯᠤᠨ ᠬᠠᠷᠢᠶ᠎ᠠ᠂ ᠰᠠᠯᠪᠤᠷᠢ ᠪᠠᠶᠢᠭᠤᠯᠤᠯᠭ᠎ᠠ ᠨᠤᠭᠤᠳ᠂ ᠮᠣᠩᠭᠣᠯ ᠤᠨ ᠫᠷᠣᠭᠷᠠᠮ ᠬᠠᠩᠭᠠᠮᠵᠢ ᠦᠢᠯᠡᠳᠪᠦᠷᠢᠯᠡᠭᠴᠢᠳ ᠤᠨ ᠬᠣᠯᠪᠣᠭ᠎ᠠ᠂ ᠭᠡᠰᠢᠭᠦᠨ ᠪᠠᠶᠢᠭᠤᠯᠤᠯᠭ᠎ᠠ ᠨᠤᠭᠤᠳ ᠲᠤ ᠲᠠᠯᠠᠷᠬᠠᠵᠤ ᠪᠤᠢ ᠊ᠢᠢ ᠪᠠᠨ ᠢᠯᠡᠷᠬᠡᠶᠢᠯᠡᠭᠡᠳ᠂ ᠠᠶᠢᠮᠠᠭ ᠤᠨ ᠴᠠᠬᠢᠮ ᠰᠢᠯᠵᠢᠯᠲᠡ ᠊ᠢᠢᠨ ᠨᠥᠬᠥᠴᠡᠯ ᠪᠠᠶᠢᠳᠠᠯ ᠤᠨ ᠲᠠᠯ᠎ᠠ ᠪᠠᠷ ᠲᠠᠨᠢᠯᠴᠠᠭᠤᠯᠤᠭᠰᠠᠨ ᠶᠤᠮ᠃

ᠵᠠᠰᠠᠭ ᠳᠠᠷᠤᠭ᠎ᠠ ᠪ ∙ ᠰᠡᠷᠡᠩᠨᠠᠳᠮᠢᠳ᠄ ᠠᠷᠤᠬᠠᠩᠭᠠᠢ ᠠᠶᠢᠮᠠᠭ ᠴᠠᠬᠢᠮ ᠵᠠᠰᠠᠭᠯᠠᠯ ᠊ᠢ ᠪᠡᠬᠢᠵᠢᠭᠦᠯᠬᠦ ᠠᠵᠢᠯ ᠤᠨ ᠬᠦᠷᠢᠶᠡᠨ ᠊ᠳᠦ ᠲᠥᠷᠦ ᠊ᠢᠢᠨ ᠴᠠᠬᠢᠮ ᠦᠢᠯᠡᠴᠢᠯᠡᠭᠡᠨ ᠊ᠤ ᠬᠡᠯᠲᠡᠰ ᠊ᠢ ᠪᠠᠶᠢᠭᠤᠯᠵᠤ᠂ ᠤᠯᠤᠰ ᠤᠨ ᠪᠦᠷᠢᠳᠬᠡᠯ ᠤᠨ ᠬᠡᠯᠲᠡᠰ᠂ ᠨᠢᠭᠡᠳᠦᠭᠰᠡᠨ ᠡᠮᠨᠡᠯᠭᠡ ᠊ᠢᠢᠨ ᠯᠠᠪᠯᠠᠭᠠᠨ ᠊ᠤ ᠴᠡᠭ᠂ ᠡᠷᠳᠡᠨᠢᠪᠤᠯᠭᠠᠨ ᠰᠤᠮᠤ ᠊ᠢᠢᠨ ᠽᠠ᠊ ᠳᠠ᠊ ᠲᠠ᠊ ᠭᠠ᠊- ᠤᠨ ᠯᠠᠪᠯᠠᠭᠠᠭ᠎ᠠ᠂ ᠠᠶᠢᠮᠠᠭ ᠤᠨ ᠮᠣᠩᠭᠣᠯ ᠱᠤᠤᠳᠠᠩ ᠤᠨ ᠰᠠᠯᠪᠤᠷᠢ ᠵᠡᠷᠭᠡ ᠔ ᠪᠠᠶᠢᠷᠢᠰᠢᠯ ᠊ᠳᠤ 《ᠬᠤᠷᠳᠤᠨ》 ᠴᠡᠭ ᠊ᠢ ᠪᠠᠶᠢᠭᠤᠯᠵᠤ᠂ ᠢᠷᠭᠡᠳ ᠲᠦ ᠦᠢᠯᠡᠴᠢᠯᠡᠭᠡ ᠊ᠢᠢ ᠦᠵᠡᠭᠦᠯᠵᠦ ᠪᠠᠶᠢᠨ᠎ᠠ᠃ ᠢ-ᠮᠣᠩᠭᠣᠯ ᠰᠢᠰᠲ᠋ᠧᠮ ᠊ᠳᠦ ᠠᠶᠢᠮᠠᠭ ᠤᠨ ᠓᠘᠐᠖᠙ ᠢᠷᠭᠡᠨ ᠪᠦᠷᠢᠳᠬᠡᠯ ᠲᠡᠢ ᠠᠰᠢᠭᠯᠠᠵᠤ ᠪᠠᠶᠢᠭ᠎ᠠ ᠪᠥᠭᠡᠳ ᠥᠨᠥᠳᠥᠷ ᠤᠨ ᠪᠠᠶᠢᠳᠠᠯ ᠊ᠢᠢᠠᠷ ᠖᠓᠘᠐᠖᠑ ᠬᠦᠰᠡᠯᠲᠡ ᠢᠷᠡᠭᠦᠯᠦᠭᠰᠡᠨ ᠨᠢ ᠤᠯᠤᠰ ᠤᠨ ᠳᠤᠮᠳᠠᠵᠢ ᠲᠠᠢ ᠬᠠᠷᠢᠴᠠᠭᠤᠯᠬᠤ ᠊ᠳᠤ ᠑᠔ ᠳᠦᠭᠡᠷ ᠲᠦ ᠡᠷᠢᠮᠪᠡᠯᠡᠭᠳᠡᠵᠦ ᠪᠠᠶᠢᠨ᠎ᠠ᠃

ᠠᠶᠢᠮᠠᠭ ᠤᠨ ᠴᠠᠬᠢᠮ ᠰᠢᠯᠵᠢᠯᠲᠡ ᠊ᠳᠦ ᠲᠤᠯᠭᠠᠷᠴᠢ ᠪᠤᠢ ᠬᠦᠨᠳᠦᠷᠡᠯ ᠪᠡᠷᠬᠡᠰᠢᠶᠡᠯ ᠤᠨ ᠲᠠᠯ᠎ᠠ ᠪᠠᠷ ᠲᠡᠷᠡ ᠪᠡᠷ ᠳᠡᠳ᠋ ᠪᠦᠲᠦᠴᠡ᠂ ᠲᠧᠭᠨᠣᠯᠣᠭᠢ ᠊ᠢᠢᠨ ᠬᠦᠷᠲᠡᠭᠡᠮᠵᠢ ᠭᠦᠢ ᠪᠠᠶᠢᠳᠠᠯ᠂ ᠴᠠᠬᠢᠮ ᠲᠧᠭᠨᠣᠯᠣᠭᠢ ᠊ᠢᠢᠨ ᠬᠡᠷᠡᠭᠯᠡᠭᠡ ᠬᠢᠵᠠᠭᠠᠷᠯᠠᠭᠳᠠᠮᠠᠯ᠂ ᠢᠷᠭᠡᠳ᠂ ᠲᠥᠷᠦ ᠊ᠢᠢᠨ ᠠᠯᠪᠠᠨ ᠬᠠᠭᠠᠭᠴᠢᠳ ᠤᠨ ᠮᠡᠳᠡᠭᠡᠯᠡᠯ ᠤᠨ ᠲᠧᠭᠨᠣᠯᠣᠭᠢ ᠊ᠢᠢᠨ ᠮᠡᠳᠡᠯᠭᠡ᠂ ᠤᠷ᠎ᠠ ᠴᠢᠳᠠᠪᠤᠷᠢ ᠰᠤᠯᠠ᠂ ᠲᠥᠷᠦ᠂ ᠬᠤᠪ ᠤᠨ ᠬᠡᠪᠰᠢᠯ ᠤᠨ ᠪᠠᠶᠢᠭᠤᠯᠤᠯᠭ᠎ᠠ ᠨᠤᠭᠤᠳ ᠲᠤ ᠮᠡᠳᠡᠭᠡᠯᠡᠯ ᠤᠨ ᠲᠧᠭᠨᠣᠯᠣᠭᠢ ᠨᠡᠪᠲᠡᠷᠡᠭᠦᠯᠬᠦ᠂ ᠨᠤᠲᠤᠭᠰᠢᠭᠤᠯᠬᠤ ᠊ᠳᠤ ᠵᠠᠷᠤᠳᠠᠯ ᠥᠨᠳᠦᠷ᠂ ᠰᠠᠩᠬᠦᠵᠢᠯᠲᠡ ᠳᠤᠲᠠᠮᠠᠭ᠂ ᠲᠥᠷᠦ ᠊ᠢᠢᠨ ᠪᠠᠶᠢᠭᠤᠯᠤᠯᠭ᠎ᠠ ᠨᠤᠭᠤᠳ ᠤᠨ ᠲᠧᠭᠨᠢᠭ᠂ ᠲᠧᠭᠨᠣᠯᠣᠭᠢ ᠊ᠢᠢᠨ ᠰᠢᠨᠡᠴᠢᠯᠡᠯ ᠤᠳᠠᠭᠠᠨ ᠵᠡᠷᠭᠡ ᠬᠡᠳᠦᠨ ᠬᠡᠳᠦᠨ ᠰᠢᠯᠲᠠᠭᠠᠨ ᠊ᠢ ᠳᠤᠷᠠᠳᠤᠭᠰᠠᠨ ᠶᠤᠮ᠃

ᠠᠭᠤᠯᠵᠠᠯᠲᠠ ᠊ᠢᠢᠨ ᠦᠶ᠎ᠡ ᠪᠡᠷ ᠵᠠᠰᠠᠭ ᠳᠠᠷᠤᠭ᠎ᠠ ᠪ ∙ ᠰᠡᠷᠡᠩᠨᠠᠳᠮᠢᠳ ᠠᠶᠢᠮᠠᠭ ᠤᠨ ᠴᠠᠬᠢᠮ ᠪᠣᠳᠣᠯᠭ᠎ᠠ ᠊ᠢᠢᠨ ᠪᠠᠷᠢᠮᠲᠠ ᠪᠢᠴᠢᠭ ᠪᠣᠯᠪᠠᠰᠤᠷᠠᠭᠤᠯᠬᠤ ᠊ᠳᠤ ᠵᠥᠪᠯᠡᠬᠦ ᠦᠢᠯᠡᠴᠢᠯᠡᠭᠡ ᠠᠪᠬᠤ ᠵᠣᠷᠢᠯᠭ᠎ᠠ ᠪᠠᠷ ᠮᠣᠩᠭᠣᠯ ᠤᠨ ᠫᠷᠣᠭᠷᠠᠮ ᠬᠠᠩᠭᠠᠮᠵᠢ ᠦᠢᠯᠡᠳᠪᠦᠷᠢᠯᠡᠭᠴᠢᠳ ᠤᠨ ᠬᠣᠯᠪᠣᠭ᠎ᠠ ᠲᠥᠷᠥ ᠊ᠢᠢᠨ ᠪᠤᠰᠤ ᠪᠠᠶᠢᠭᠤᠯᠤᠯᠭ᠎ᠠ ᠤᠨ ᠭᠦᠢᠴᠡᠳᠭᠡᠬᠦ ᠵᠠᠬᠢᠷᠤᠯ ᠪ ∙ ᠲᠠᠮᠢᠷ ᠲᠠᠢ ᠬᠠᠮᠲᠤᠷᠠᠨ ᠠᠵᠢᠯᠯᠠᠬᠤ ᠰᠠᠨᠠᠮᠵᠢ ᠪᠢᠴᠢᠭ ᠊ᠢ ᠪᠠᠶᠢᠭᠤᠯᠤᠯ᠎ᠠ᠃

ᠨᠡᠶᠢᠲᠡᠯᠡᠭᠰᠡᠨ᠄