ᠲᠥᠷᠥ᠂ ᠬᠤᠪᠤ ᠤᠨ ᠬᠡᠪᠰᠢᠯ ᠤᠨ ᠲᠦᠩᠰᠢᠯᠡᠯ ᠊ᠢᠢᠠᠷ ᠣᠷᠣᠨ ᠨᠤᠲᠤᠭ ᠤᠨ ᠴᠠᠬᠢᠮᠵᠢᠯᠲᠠ ᠊ᠢᠢ ᠡᠷᠴᠢᠮᠵᠢᠭᠦᠯᠦᠨ᠎ᠡ


ᠴᠠᠬᠢᠮ ᠬᠥᠭᠵᠢᠯ᠂ ᠬᠠᠷᠢᠯᠴᠠᠭ᠎ᠠ ᠬᠣᠯᠪᠣᠭᠠᠨ ᠊ᠤ ᠶᠠᠮᠤ ᠪᠦᠰᠡᠴᠢᠯᠡᠭᠰᠡᠨ ᠬᠥᠭᠵᠢᠯ ᠤᠨ ᠦᠵᠡᠯ ᠪᠠᠷᠢᠮᠲᠠᠯᠠᠯ ᠊ᠳᠤ ᠨᠡᠶᠢᠴᠡᠭᠦᠯᠦᠨ᠂ 《ᠴᠠᠬᠢᠮ ᠠᠶᠢᠮᠠᠭ》 ᠪᠣᠳᠣᠯᠭ᠎ᠠ ᠊ᠢᠢᠨ ᠵᠥᠪᠯᠡᠮᠵᠢ ᠊ᠢᠢᠨ ᠬᠦᠷᠢᠶᠡᠨ ᠊ᠳᠦ ᠴᠠᠬᠢᠮ ᠰᠢᠯᠵᠢᠯᠲᠡ ᠊ᠢᠢ ᠦᠨᠳᠦᠰᠦᠨ ᠊ᠤ ᠬᠡᠮᠵᠢᠶᠡᠨ ᠊ᠳᠦ ᠡᠷᠴᠢᠮᠵᠢᠭᠦᠯᠬᠦ ᠵᠣᠷᠢᠯᠭ᠎ᠠ ᠪᠠᠷ 《ᠴᠠᠬᠢᠮ ᠊ᠳᠤ ᠬᠡᠪᠰᠢᠶ᠎ ᠡ》 ᠤᠷᠢᠶ᠎ᠠ ᠲᠠᠢ 《ᠴᠠᠬᠢᠮ ᠬᠥᠭᠵᠢᠯ ᠤᠨ ᠡᠳᠦᠷᠯᠢᠭ》 ᠠᠷᠭ᠎ᠠ ᠬᠡᠮᠵᠢᠶ᠎ᠡ ᠊ᠢᠢ ᠬᠠᠷᠢᠶ᠎ᠠ᠂ ᠰᠠᠯᠪᠤᠷᠢ ᠪᠠᠶᠢᠭᠤᠯᠤᠯᠭ᠎ᠠ ᠨᠤᠭᠤᠳ ᠤᠨ ᠳᠡᠮᠵᠢᠯᠭᠡ ᠲᠡᠢ ᠪᠡᠷ ᠬᠠᠷᠢᠯᠴᠠᠭ᠎ᠠ ᠬᠣᠯᠪᠣᠭ᠎ᠠ᠂ ᠮᠡᠳᠡᠭᠡᠯᠡᠯ ᠤᠨ ᠲᠧᠭᠨᠣᠯᠣᠭᠢ ᠊ᠢᠢᠨ ᠰᠠᠯᠪᠤᠷᠢ ᠊ᠢᠢᠨ ᠒᠐ ᠭᠠᠷᠤᠢ ᠲᠥᠷᠥ᠂ ᠬᠤᠪ ᠤᠨ ᠬᠡᠪᠰᠢᠯ᠂ ᠲᠥᠷᠥ ᠊ᠢᠢᠨ ᠪᠤᠰᠤ ᠪᠠᠶᠢᠭᠤᠯᠤᠯᠭ᠎ᠠ ᠊ᠢᠢᠨ ᠢᠳᠡᠪᠬᠢ ᠰᠠᠨᠠᠭᠠᠴᠢᠯᠠᠭ᠎ᠠ᠂ ᠣᠷᠣᠯᠴᠠᠭ᠎ᠠ ᠲᠠᠢ ᠪᠠᠷ ᠬᠠᠮᠲᠤᠷᠠᠨ ᠵᠣᠬᠢᠶᠠᠨ ᠪᠠᠶᠢᠭᠤᠯᠵᠤ ᠪᠠᠶᠢᠨ᠎ᠠ᠃

《ᠴᠠᠬᠢᠮ ᠊ᠳᠤ ᠬᠡᠪᠰᠢᠶ᠎ ᠡ》 ᠤᠷᠢᠶ᠎ᠠ ᠲᠠᠢ ᠡᠨᠡᠬᠦ ᠠᠶᠠᠨ ᠊ᠢ ᠒᠑ ᠠᠶᠢᠮᠠᠭ ᠲᠤ ᠦᠶ᠎ᠡ ᠱᠠᠲᠤ ᠲᠠᠢ ᠪᠠᠷ᠂ ᠪᠦᠰᠡᠴᠢᠯᠡᠭᠰᠡᠨ ᠪᠠᠶᠢᠳᠠᠯ ᠊ᠢᠢᠠᠷ ᠵᠣᠬᠢᠶᠠᠨ ᠪᠠᠶᠢᠭᠤᠯᠵᠤ ᠪᠠᠶᠢᠭ᠎ᠠ ᠪᠥᠭᠡᠳ ᠭᠣᠪᠢ ᠊ᠢᠢᠨ ᠪᠦᠰᠡ ᠡᠴᠡ ᠡᠬᠢᠯᠡᠨ ᠬᠠᠩᠭᠠᠢ ᠊ᠢᠢᠨ ᠪᠦᠰᠡ ᠊ᠳᠦ ᠠᠮᠵᠢᠯᠲᠠᠲᠠᠢ ᠬᠡᠷᠡᠭᠵᠢᠭᠦᠯᠦᠭᠰᠡᠨ ᠲᠤᠰ ᠊ᠢᠢᠠᠨ ᠥᠨᠥᠳᠥᠷ (᠒᠐᠒᠔.᠐᠔.᠑᠐) ᠪᠠᠷᠠᠭᠤᠨ ᠪᠦᠰᠡ ᠊ᠢᠢᠨ ᠔ ᠳ᠋ᠡᠬᠢ ᠠᠶᠢᠮᠠᠭ ᠤᠪᠰ ᠠᠶᠢᠮᠠᠭ ᠲᠤ ᠦᠷᠭᠦᠯᠵᠢᠯᠡᠵᠦ ᠪᠠᠶᠢᠨ᠎ᠠ᠃

ᠴᠠᠬᠢᠮ ᠰᠢᠯᠵᠢᠯᠲᠡ ᠊ᠢᠢ ᠦᠨᠳᠦᠰᠦᠨ ᠊ᠤ ᠬᠡᠮᠵᠢᠶᠡᠨ ᠊ᠳᠦ ᠡᠷᠴᠢᠮᠵᠢᠭᠦᠯᠬᠦ᠂ ᠲᠥᠷᠥ ᠊ᠢᠢᠨ ᠴᠠᠬᠢᠮ ᠦᠢᠯᠡᠴᠢᠯᠡᠭᠡᠨ ᠊ᠤ ᠴᠢᠨᠠᠷ᠂ ᠬᠦᠷᠲᠡᠭᠡᠮᠵᠢ ᠊ᠢᠢ ᠨᠡᠮᠡᠭᠳᠡᠭᠦᠯᠬᠦ᠂ ᠢᠷᠭᠡᠳ ᠤᠨ ᠴᠠᠬᠢᠮ ᠤᠷ᠎ᠠ ᠴᠢᠳᠠᠪᠤᠷᠢ ᠊ᠢᠢ ᠳᠡᠭᠡᠭᠰᠢᠯᠡᠭᠦᠯᠬᠦ ᠵᠣᠷᠢᠯᠭ᠎ᠠ ᠪᠠᠷ ᠤᠯᠤᠰ ᠤᠨ ᠬᠡᠮᠵᠢᠶᠡᠨ ᠊ᠳᠦ ᠥᠷᠨᠢᠭᠦᠯᠵᠦ ᠪᠤᠢ ᠲᠤᠰ ᠠᠷᠭ᠎ᠠ ᠬᠡᠮᠵᠢᠶᠡᠨ ᠊ᠤ ᠠᠵᠢᠯ ᠤᠨ ᠬᠡᠰᠡᠭ ᠤᠨ ᠠᠬᠠᠯᠠᠭᠴᠢ ᠪᠠᠷ ᠼᠠ᠊ ᠬᠥ᠊ ᠬᠠ᠊ ᠬᠣ᠊-᠊ᠤ ᠳᠡᠳ᠋ ᠰᠠᠶᠢᠳ ᠵ ∙ ᠡᠷᠬᠢᠮᠪᠠᠭᠠᠲᠤᠷ ᠠᠵᠢᠯᠯᠠᠵᠤ ᠪᠠᠶᠢᠨ᠎ᠠ᠃

ᠡᠳᠦᠷᠯᠢᠭ ᠤᠨ ᠬᠦᠷᠢᠶᠡᠨ ᠊ᠳᠦ᠄

📌ᠠᠶᠢᠮᠠᠭ ᠤᠨ ᠤᠳᠤᠷᠢᠳᠬᠤ ᠠᠯᠪᠠᠨ ᠲᠤᠰᠢᠶᠠᠯᠲᠠᠨ᠂ ᠲᠥᠷᠦ ᠊ᠢᠢᠨ ᠠᠯᠪᠠᠨ ᠬᠠᠭᠠᠭᠴᠢᠳ᠂ ᠶᠡᠷᠦᠩᠬᠡᠢ ᠪᠣᠯᠪᠠᠰᠤᠷᠠᠯ ᠤᠨ ᠰᠤᠷᠭᠠᠭᠤᠯᠢ ᠊ᠢᠢᠨ ᠪᠠᠭᠰᠢ᠂ ᠰᠤᠷᠤᠭᠴᠢᠳ᠂ ᠬᠤᠪᠢᠶᠠᠷᠢ ᠪᠠᠨ ᠪᠢᠽᠢᠨ᠋ᠧᠰ ᠡᠷᠬᠢᠯᠡᠭᠴᠢ ᠢᠷᠭᠡᠳ᠂ ᠣᠯᠠᠨ ᠨᠡᠶᠢᠲᠡ ᠊ᠳᠦ ᠵᠣᠷᠢᠭᠤᠯᠤᠭᠰᠠᠨ ᠲᠤᠰᠬᠠᠢ ᠬᠥᠲᠦᠯᠪᠦᠷᠢ ᠪᠦᠬᠦᠢ ᠰᠤᠷᠭᠠᠯᠲᠠ᠂ ᠬᠢᠴᠢᠶᠡᠯ ᠤᠳ

📌ᠮᠡᠳᠡᠭᠡᠯᠡᠯ ᠤᠨ ᠲᠧᠭᠨᠣᠯᠣᠭᠢ ᠊ᠢᠢᠨ ᠦᠨᠳᠦᠰᠦᠨ ᠊ᠤ ᠫᠷᠣᠭᠷᠠᠮ ᠬᠠᠩᠭᠠᠮᠵᠢ ᠦᠢᠯᠡᠳᠪᠦᠷᠢᠯᠡᠭᠴᠢ ᠺᠣᠮᠫᠠᠨᠢ ᠨᠤᠭᠤᠳ ᠤᠨ ᠪᠣᠯᠤᠨ ᠣᠷᠣᠨ ᠨᠤᠲᠤᠭ ᠤᠨ ᠠᠵᠤ ᠠᠬᠤᠢ ᠨᠢᠭᠡᠴᠡ᠂ ᠺᠣᠮᠫᠠᠨᠢ ᠨᠤᠭᠤᠳ ᠤᠨ ᠪᠦᠲᠦᠭᠡᠭᠳᠡᠬᠦᠨ ᠦᠢᠯᠡᠴᠢᠯᠡᠭᠡᠨ ᠊ᠤ ᠦᠵᠡᠰᠬᠦᠯᠡᠩ ᠬᠤᠳᠠᠯᠳᠤᠭ᠎ᠠ᠂ ᠮᠡᠷᠭᠡᠵᠢᠯ ᠤᠨ ᠪᠠᠭ ᠤᠨ ᠵᠥᠪᠯᠡᠬᠦ ᠦᠢᠯᠡᠴᠢᠯᠡᠭᠡ

📌ᠲᠥᠷᠥ ᠊ᠢᠢᠨ ᠦᠢᠯᠡᠴᠢᠯᠡᠭᠡ ᠊ᠢᠢ ᠴᠠᠬᠢᠮᠵᠢᠭᠤᠯᠬᠤ ᠰᠢᠢᠳᠦᠯ ᠪᠦᠬᠦᠢ ᠲᠥᠷᠥ ᠊ᠢᠢᠨ ᠪᠠᠶᠢᠭᠤᠯᠤᠯᠭ᠎ᠠ ᠊ᠢᠢᠨ ᠤᠳᠤᠷᠢᠳᠤᠯᠭ᠎ᠠ ᠨᠤᠭᠤᠳ ᠮᠡᠳᠡᠭᠡᠯᠡᠯ ᠤᠨ ᠲᠧᠭᠨᠣᠯᠣᠭᠢ ᠊ᠢᠢᠨ ᠺᠣᠮᠫᠠᠨᠢ ᠬᠣᠭᠣᠷᠣᠨᠳᠣ ᠊ᠢᠢᠨ ᠪᠠᠭ ᠤᠨ ᠪᠣᠯᠤᠨ ᠭᠠᠭᠴᠠᠭᠠᠷᠴᠢᠯᠠᠭᠰᠠᠨ ᠠᠭᠤᠯᠵᠠᠯᠲᠠ᠂ ᠪᠦᠲᠦᠭᠡᠭᠳᠡᠬᠦᠨ ᠦᠢᠯᠡᠴᠢᠯᠡᠭᠡᠨ ᠊ᠤ ᠲᠠᠨᠢᠯᠴᠠᠭᠤᠯᠭ᠎ᠠ

📌ᠣᠷᠣᠨ ᠨᠤᠲᠤᠭ ᠤᠨ ᠵᠢᠵᠢᠭ ᠳᠤᠮᠳᠠ ᠪᠣᠯᠤᠨ ᠬᠤᠪᠢᠶᠠᠷᠢ ᠪᠠᠨ ᠪᠢᠽᠢᠨ᠋ᠧᠰ ᠡᠷᠬᠢᠯᠡᠭᠴᠢᠳ ᠲᠦ ᠴᠠᠬᠢᠮ ᠤᠷ᠎ᠠ ᠴᠢᠳᠠᠪᠤᠷᠢ ᠣᠯᠭᠤᠬᠤ ᠰᠤᠷᠭᠠᠯᠲᠠ᠂ ᠲᠧᠭᠨᠣᠯᠣᠭᠢ ᠊ᠢᠢᠨ ᠰᠢᠢᠳᠦᠯ ᠤᠳ ᠤᠨ ᠲᠠᠨᠢᠯᠴᠠᠭᠤᠯᠭ᠎ᠠ ᠵᠡᠷᠭᠡ ᠣᠯᠠᠨ ᠲᠠᠯ᠎ᠠ ᠊ᠳᠤ᠂ ᠴᠣᠭᠴᠠ ᠠᠷᠭ᠎ᠠ ᠬᠡᠮᠵᠢᠶ᠎ᠡ ᠨᠦᠭᠦᠳ ᠨᠢᠭᠡᠨ ᠵᠡᠷᠭᠡ ᠵᠣᠬᠢᠶᠠᠨ ᠪᠠᠶᠢᠭᠤᠯᠤᠭᠳᠠᠵᠤ ᠪᠠᠶᠢᠨ᠎ᠠ᠃

ᠨᠡᠶᠢᠲᠡᠯᠡᠭᠰᠡᠨ᠄