ᠤᠪᠰ ᠠᠶᠢᠮᠠᠭ ᠤᠨ ᠲᠥᠷᠥ ᠊ᠢᠢᠨ ᠠᠯᠪᠠᠨ ᠬᠠᠭᠠᠭᠴᠢᠳ᠂ ᠮᠡᠳᠡᠭᠡᠯᠡᠯ ᠤᠨ ᠲᠧᠭᠨᠣᠯᠣᠭᠢ ᠊ᠢᠢᠨ ᠮᠡᠷᠭᠡᠵᠢᠯᠲᠡᠨ ᠨᠦᠭᠦᠳ ᠤᠨ ᠴᠠᠬᠢᠮ ᠤᠷ᠎ᠠ ᠴᠢᠳᠠᠪᠤᠷᠢ ᠊ᠢᠢ ᠳᠡᠭᠡᠭᠰᠢᠯᠡᠭᠦᠯᠦᠯ᠎ᠡ


《ᠴᠠᠬᠢᠮ ᠊ᠳᠤ ᠬᠡᠪᠰᠢᠶ᠎ ᠡ》 ᠮᠡᠳᠡᠭᠡᠯᠡᠯ ᠤᠨ ᠲᠧᠭᠨᠣᠯᠣᠭᠢ ᠊ᠢᠢᠨ ᠨᠢᠭᠡᠳᠦᠭᠰᠡᠨ ᠠᠷᠭ᠎ᠠ ᠬᠡᠮᠵᠢᠶᠡᠨ ᠊ᠤ ᠬᠦᠷᠢᠶᠡᠨ ᠊ᠳᠦ ᠤᠪᠰ ᠠᠶᠢᠮᠠᠭ ᠤᠨ ᠲᠥᠷᠥ ᠊ᠢᠢᠨ ᠠᠯᠪᠠᠨ ᠬᠠᠭᠠᠭᠴᠢᠳ᠂ ᠮᠡᠳᠡᠭᠡᠯᠡᠯ ᠲᠧᠭᠨᠣᠯᠣᠭᠢ ᠊ᠢᠢᠨ ᠠᠵᠢᠯᠲᠠᠨ᠂ ᠪᠠᠶᠢᠭᠤᠯᠤᠯᠭ᠎ᠠ ᠊ᠢᠢᠨ ᠠᠬᠠᠯᠠᠬᠤ ᠪᠣᠯᠤᠨ ᠳᠣᠲᠣᠭᠠᠳᠤ ᠠᠵᠢᠯ ᠬᠠᠷᠢᠭᠤᠴᠠᠭᠰᠠᠨ ᠮᠡᠷᠭᠡᠵᠢᠯᠲᠡᠨ᠂ ᠣᠫᠧᠷᠠᠲ᠋ᠣᠷ ᠤᠳ ᠲᠤ ᠼᠠ᠊ ᠬᠥ᠊ ᠬᠠ᠊ ᠬᠣ᠊ ᠶᠠ᠊ ᠪᠣᠯᠤᠨ ᠶᠠᠮᠤᠨ ᠊ᠤ ᠬᠠᠷᠢᠶ᠎ᠠ᠂ ᠰᠠᠯᠪᠤᠷᠢ ᠪᠠᠶᠢᠭᠤᠯᠤᠯᠭ᠎ᠠ ᠨᠤᠭᠤᠳ ᠡᠴᠠ ᠳᠠᠷᠠᠭᠠᠬᠢ ᠰᠡᠳᠦᠪ ᠤᠳ ᠤᠨ ᠬᠦᠷᠢᠶᠡᠨ ᠊ᠳᠦ ᠴᠠᠬᠢᠮ ᠤᠷ᠎ᠠ ᠴᠢᠳᠠᠪᠤᠷᠢ ᠊ᠢᠢ ᠳᠡᠭᠡᠭᠰᠢᠯᠡᠭᠦᠯᠬᠦ ᠰᠤᠷᠭᠠᠯᠲᠠ ᠵᠣᠬᠢᠶᠠᠨ ᠪᠠᠶᠢᠭᠤᠯᠤᠯ᠎ᠠ᠃

《ᠺᠢᠪᠧᠷ ᠠᠶᠤᠯ ᠦᠭᠡᠢ ᠪᠠᠶᠢᠳᠠᠯ ᠤᠨ ᠬᠠᠤᠯᠢ᠂ ᠡᠷᠬᠡ ᠵᠦᠢ ᠊ᠢᠢᠨ ᠣᠷᠴᠢᠨ᠂ ᠺᠢᠪᠧᠷ ᠠᠶᠤᠯ ᠦᠭᠡᠢ ᠪᠠᠶᠢᠳᠠᠯ ᠊ᠢ ᠬᠠᠩᠭᠠᠬᠤ ᠨᠡᠶᠢᠲᠡᠯᠢᠭ ᠵᠢᠷᠤᠮ᠂ ᠲᠡᠭᠦᠨ ᠊ᠢ ᠬᠡᠷᠡᠭᠵᠢᠭᠦᠯᠬᠦ᠂ ᠮᠣᠩᠭᠣᠯ ᠤᠯᠤᠰ ᠤᠨ ᠺᠢᠪᠧᠷ ᠠᠶᠤᠯ ᠦᠭᠡᠢ ᠪᠠᠶᠢᠳᠠᠯ ᠤᠨ ᠥᠨᠥ ᠊ᠢᠢᠨ ᠨᠥᠬᠥᠴᠡᠯ ᠪᠠᠶᠢᠳᠠᠯ ᠰᠡᠳᠦᠪ ᠊ᠢᠢᠡᠷ /ᠲᠥᠷᠥ ᠊ᠢᠢᠨ ᠴᠠᠬᠢᠮ ᠦᠢᠯᠡᠴᠢᠯᠡᠭᠡᠨ ᠊ᠤ ᠵᠣᠬᠢᠴᠠᠭᠤᠯᠤᠯᠲᠠ ᠊ᠢᠢᠨ ᠭᠠᠵᠠᠷ ᠤᠨ ᠰᠢᠰᠲ᠋ᠧᠮ ᠨᠢᠭᠡᠳᠬᠡᠯ ᠤᠨ ᠬᠡᠯᠲᠡᠰ ᠤᠨ ᠳᠠᠷᠤᠭ᠎ᠠ ᠡ᠊ ∙ ᠡᠷᠳᠡᠨᠢᠪᠠᠲᠤ/

ᠲᠥᠷᠥ ᠊ᠢᠢᠨ ᠪᠠᠶᠢᠭᠤᠯᠤᠯᠭ᠎ᠠ ᠊ᠢᠢᠨ ᠮᠡᠳᠡᠭᠡᠯᠡᠯ ᠤᠨ ᠲᠧᠭᠨᠣᠯᠣᠭᠢ ᠊ᠢᠢᠨ ᠮᠡᠷᠭᠡᠵᠢᠯᠲᠡᠨ ᠨᠦᠭᠦᠳ ᠲᠦ ᠲᠥᠷᠥ ᠊ᠢᠢᠨ ᠡᠭᠦᠯᠡᠨ ᠲᠣᠭᠠᠴᠠᠭᠠᠯᠠᠯ ᠤᠨ ᠳᠡᠳ᠋ ᠪᠦᠲᠦᠴᠡ /mCloud/ ᠍ ᠤᠨ ᠲᠠᠨᠢᠯᠴᠠᠭᠤᠯᠭ᠎ᠠ /ᠦᠨᠳᠦᠰᠦᠨ ᠊ᠤ ᠳᠠᠲ᠋ᠠ ᠲᠥᠪ ᠤᠨ ᠰᠢᠰᠲ᠋ᠧᠮ ᠨᠢᠭᠡᠳᠬᠡᠯ ᠤᠨ ᠠᠳᠮᠢᠨᠢᠰᠲᠷᠠᠲ᠋ᠣᠷ/

ᠠᠶᠢᠮᠠᠭ ᠤᠨ ᠴᠠᠬᠢᠮ ᠪᠣᠳᠣᠯᠭ᠎ᠠ ᠊ᠢᠢᠨ ᠪᠠᠷᠢᠮᠲᠠ ᠪᠢᠴᠢᠭ ᠪᠣᠯᠪᠠᠰᠤᠷᠠᠭᠤᠯᠬᠤ ᠊ᠳᠤ ᠵᠥᠪᠯᠡᠬᠦ ᠦᠢᠯᠡᠴᠢᠯᠡᠭᠡ ᠦᠵᠡᠭᠦᠯᠬᠦ ᠪᠣᠯᠤᠮᠵᠢ ᠊ᠢᠢᠨ ᠲᠠᠯ᠎ᠠ ᠪᠠᠷ /ᠮᠣᠩᠭᠣᠯ ᠤᠨ ᠫᠷᠣᠭᠷᠠᠮ ᠬᠠᠩᠭᠠᠮᠵᠢ ᠦᠢᠯᠡᠳᠪᠦᠷᠢᠯᠡᠭᠴᠢᠳ ᠤᠨ ᠬᠣᠯᠪᠣᠭ᠎ᠠ ᠲᠥᠷᠥ ᠊ᠢᠢᠨ ᠪᠤᠰᠤ ᠪᠠᠶᠢᠭᠤᠯᠤᠯᠭ᠎ᠠ ᠤᠨ ᠭᠦᠢᠴᠡᠳᠭᠡᠬᠦ ᠵᠠᠬᠢᠷᠤᠯ ᠪ ∙ ᠲᠠᠮᠢᠷ/

ᠴᠠᠬᠢᠮ ᠣᠷᠴᠢᠨ ᠳᠠᠬᠢ ᠬᠡᠦᠬᠡᠳ ᠬᠠᠮᠠᠭᠠᠯᠠᠯ ᠤᠨ ᠴᠢᠭᠯᠡᠯ ᠊ᠢᠢᠡᠷ ᠬᠡᠷᠡᠭᠵᠢᠭᠦᠯᠵᠦ ᠪᠠᠶᠢᠭ᠎ᠠ ᠠᠷᠭ᠎ᠠ ᠬᠡᠮᠵᠢᠶ᠎ᠡ᠂ ᠲᠧᠭᠨᠣᠯᠣᠭᠢ ᠊ᠢᠢᠨ ᠪᠣᠯᠤᠮᠵᠢ ᠊ᠢᠢᠨ ᠲᠠᠯ᠎ᠠ ᠪᠠᠷ /ᠬᠠᠷᠢᠯᠴᠠᠭ᠎ᠠ ᠬᠣᠯᠪᠣᠭᠠᠨ ᠊ᠤ ᠵᠣᠬᠢᠴᠠᠭᠤᠯᠬᠤ ᠬᠣᠷᠢᠶᠠᠨ ᠊ᠤ ᠵᠣᠬᠢᠴᠠᠭᠤᠯᠤᠯᠲᠠ ᠊ᠢᠢᠨ ᠭᠠᠵᠠᠷ ᠤᠨ ᠲᠧᠭᠨᠣᠯᠣᠭᠢ ᠬᠥᠭᠵᠢᠯ ᠤᠨ ᠲᠥᠪ ᠤᠨ ᠮᠡᠷᠭᠡᠵᠢᠯᠲᠡᠨ ᠴ ∙ ᠫᠦᠷᠪᠦᠰᠦ᠋ᠷᠦᠩ/

ᠰᠤᠷᠭᠠᠯᠲᠠ ᠊ᠳᠤ ᠤᠪᠰ ᠠᠶᠢᠮᠠᠭ ᠤᠨ ᠽᠠ᠊ ᠳᠠ᠊ ᠲᠠ᠊ ᠭᠠ᠊ ᠤᠨ ᠲᠥᠷᠥ ᠊ᠢᠢᠨ ᠒᠓ ᠠᠭᠧᠨᠲᠯᠢᠭ ᠤᠨ ᠑᠓᠐ ᠠᠯᠪᠠᠨ ᠬᠠᠭᠠᠭᠴᠢ᠂ ᠑᠙ ᠰᠤᠮᠤ ᠊ᠢᠢᠨ ᠵᠠᠰᠠᠭ ᠳᠠᠷᠤᠭ᠎ᠠ ᠊ᠢᠢᠨ ᠣᠷᠣᠯᠠᠭᠴᠢ᠂ ᠮᠡᠷᠭᠡᠵᠢᠯᠲᠡᠨ ᠨᠡᠶᠢᠲᠡ ᠗᠖ ᠠᠯᠪᠠᠨ ᠬᠠᠭᠠᠭᠴᠢ ᠬᠠᠮᠤᠷᠤᠭᠳᠠᠯ᠎ᠠ᠃

ᠨᠡᠶᠢᠲᠡᠯᠡᠭᠰᠡᠨ᠄