ᠮᠡᠳᠡᠭᠡᠯᠡᠯ ᠤᠨ ᠲᠧᠭᠨᠣᠯᠣᠭᠢ ᠊ᠢᠢᠨ ᠨᠢᠭᠡᠳᠦᠭᠰᠡᠨ ᠠᠷᠭ᠎ᠠ ᠬᠡᠮᠵᠢᠶ᠎ᠡ 《ᠴᠠᠬᠢᠮ ᠊ᠳᠤ ᠬᠡᠪᠰᠢᠶ᠎ ᠡ》 ᠵᠠᠪᠬᠠᠨ ᠠᠶᠢᠮᠠᠭ ᠲᠤ ᠪᠣᠯᠤᠯ᠎ᠠ


《ᠴᠠᠬᠢᠮ ᠊ᠳᠤ ᠬᠡᠪᠰᠢᠶ᠎ ᠡ》 ᠦᠨᠳᠦᠰᠦᠨ ᠊ᠤ ᠬᠡᠮᠵᠢᠶᠡᠨ ᠊ᠳᠦ ᠥᠷᠨᠢᠵᠦ ᠪᠤᠢ ᠠᠶᠠᠨ ᠊ᠤᠤ ᠬᠦᠷᠢᠶᠡᠨ ᠊ᠳᠦ ᠴᠠᠬᠢᠮ ᠬᠥᠭᠵᠢᠯ᠂ ᠬᠠᠷᠢᠯᠴᠠᠭ᠎ᠠ ᠬᠣᠯᠪᠣᠭᠠᠨ ᠊ᠤ ᠶᠠᠮᠤ᠂ ᠲᠥᠷᠥ ᠊ᠢᠢᠨ ᠴᠠᠬᠢᠮ ᠦᠢᠯᠡᠴᠢᠯᠡᠭᠡᠨ ᠊ᠤ ᠵᠣᠬᠢᠴᠠᠭᠤᠯᠤᠯᠲᠠ ᠊ᠢᠢᠨ ᠭᠠᠵᠠᠷ᠂ 《ᠢ-ᠮᠣᠩᠭᠣᠯ ᠠᠺᠠᠳᠧᠮᠢ》᠂ 《ᠦᠨᠳᠦᠰᠦᠨ ᠊ᠤ ᠳᠠᠲ᠋ᠠ ᠲᠥᠪ》᠂ ᠬᠠᠷᠢᠯᠴᠠᠭ᠎ᠠ ᠬᠣᠯᠪᠣᠭᠠᠨ ᠊ᠤ ᠵᠣᠬᠢᠴᠠᠭᠤᠯᠬᠤ ᠬᠣᠷᠢᠶ᠎ᠠ᠂ ᠮᠣᠩᠭᠣᠯ ᠤᠨ ᠫᠷᠣᠭᠷᠠᠮ ᠬᠠᠩᠭᠠᠮᠵᠢ ᠦᠢᠯᠡᠳᠪᠦᠷᠢᠯᠡᠭᠴᠢᠳ ᠤᠨ ᠬᠣᠯᠪᠣᠭ᠎ᠠ ᠲᠥᠷᠥ ᠊ᠢᠢᠨ ᠪᠤᠰᠤ ᠪᠠᠶᠢᠭᠤᠯᠤᠯᠭ᠎ᠠ ᠭᠡᠰᠢᠭᠦᠨ ᠒᠒ ᠪᠠᠶᠢᠭᠤᠯᠤᠯᠭ᠎ᠠ ᠊ᠢᠢᠨ ᠬᠠᠮᠲᠤᠷᠠᠭᠰᠠᠨ ᠕᠗ ᠬᠦᠮᠦᠨ ᠊ᠤ ᠪᠦᠷᠢᠯᠳᠦᠬᠦᠨ ᠲᠡᠢ ᠮᠡᠷᠭᠡᠵᠢᠯ ᠤᠨ ᠪᠠᠭ ᠪᠠᠷᠠᠭᠤᠨ ᠪᠥᠰᠡ ᠊ᠢᠢᠨ ᠕ ᠳᠠᠬᠢ ᠠᠶᠢᠮᠠᠭ ᠪᠣᠯᠬᠤ ᠵᠠᠪᠬᠠᠨ ᠠᠶᠢᠮᠠᠭ ᠲᠤ (᠒᠐᠒᠔.᠐᠔.᠑᠒) ᠠᠵᠢᠯᠯᠠᠯ᠎ᠠ᠃

《ᠴᠠᠬᠢᠮ ᠬᠥᠭᠵᠢᠯ ᠤᠨ ᠡᠳᠦᠷᠯᠢᠭ》 ᠮᠡᠳᠡᠭᠡᠯᠡᠯ ᠤᠨ ᠲᠧᠭᠨᠣᠯᠣᠭᠢ ᠊ᠢᠢᠨ ᠨᠢᠭᠡᠳᠦᠭᠰᠡᠨ ᠠᠷᠭ᠎ᠠ ᠬᠡᠮᠵᠢᠶ᠎ᠡ ᠊ᠢᠢ ᠒᠑ ᠠᠶᠢᠮᠠᠭ ᠲᠤ ᠵᠣᠬᠢᠶᠠᠨ ᠪᠠᠶᠢᠭᠤᠯᠬᠤ ᠡᠭᠦᠷᠭᠡ ᠪᠦᠬᠦᠢ ᠼᠠ᠊ ᠬᠥ᠊ ᠬᠠ᠊ ᠬᠣ᠊-᠊ᠤ ᠳᠡᠳ᠋ ᠰᠠᠶᠢᠳ ᠵ ∙ ᠡᠷᠬᠢᠮᠪᠠᠭᠠᠲᠤᠷ ᠊ᠢᠢᠠᠷ ᠠᠬᠠᠯᠠᠭᠤᠯᠤᠭᠰᠠᠨ ᠠᠵᠢᠯ ᠤᠨ ᠬᠡᠰᠡᠭ ᠡᠨᠡᠬᠦ ᠠᠷᠭ᠎ᠠ ᠬᠡᠮᠵᠢᠶ᠎ᠡ ᠪᠡᠷ ᠴᠠᠬᠢᠮ ᠰᠢᠯᠵᠢᠯᠲᠡ ᠊ᠢᠢ ᠦᠨᠳᠦᠰᠦᠨ ᠊ᠤ ᠬᠡᠮᠵᠢᠶᠡᠨ ᠊ᠳᠦ ᠡᠷᠴᠢᠮᠵᠢᠭᠦᠯᠬᠦ᠂ ᠲᠥᠷᠦ ᠊ᠢᠢᠨ ᠴᠠᠬᠢᠮ ᠦᠢᠯᠡᠴᠢᠯᠡᠭᠡᠨ ᠊ᠤ ᠴᠢᠨᠠᠷ᠂ ᠬᠦᠷᠲᠡᠭᠡᠮᠵᠢ ᠊ᠢᠢ ᠨᠡᠮᠡᠭᠳᠡᠭᠦᠯᠬᠦ᠂ ᠪᠦᠬᠦ ᠨᠡᠶᠢᠲᠡ ᠊ᠢᠢᠨ ᠴᠠᠬᠢᠮ ᠤᠷ᠎ᠠ ᠴᠢᠳᠠᠪᠤᠷᠢ ᠊ᠢᠢ ᠳᠡᠭᠡᠭᠰᠢᠯᠡᠭᠦᠯᠬᠦ ᠴᠢᠭᠯᠡᠯ ᠊ᠢᠢᠡᠷ ᠣᠯᠠᠨ ᠲᠠᠯᠠᠲᠤ ᠴᠣᠭᠴᠠ ᠠᠷᠭ᠎ᠠ ᠬᠡᠮᠵᠢᠶ᠎ᠡ ᠊ᠢᠢ ᠬᠡᠷᠡᠭᠵᠢᠭᠦᠯᠵᠦ ᠪᠠᠶᠢᠭ᠎ᠠ ᠶᠤᠮ᠃

ᠡᠭᠦᠨ ᠊ᠳᠦ᠄

✅ᠠᠶᠢᠮᠠᠭ ᠤᠨ ᠽᠠ᠊ ᠳᠠ᠊ ᠲᠠ᠊ ᠭᠠ᠊ -ᠤᠨ ᠤᠳᠤᠷᠢᠳᠬᠤ ᠠᠯᠪᠠᠨ ᠲᠤᠰᠢᠶᠠᠯᠲᠠᠨ᠂ ᠲᠥᠷᠥ ᠊ᠢᠢᠨ ᠪᠣᠯᠤᠨ ᠬᠤᠪ ᠤᠨ ᠬᠡᠪᠰᠢᠯ ᠤᠨ ᠪᠠᠶᠢᠭᠤᠯᠤᠯᠭ᠎ᠠ ᠊ᠢᠢᠨ ᠤᠳᠤᠷᠢᠳᠤᠯᠭ᠎ᠠ ᠨᠤᠭᠤᠳ ᠲᠤ ᠵᠣᠷᠢᠭᠤᠯᠤᠭᠰᠠᠨ ᠼᠠ᠊ ᠬᠥ᠊ ᠬᠠ᠊ ᠬᠣ᠊ ᠶᠠ᠊  ᠡᠴᠠ ᠪᠦᠰᠡᠴᠢᠯᠡᠭᠰᠡᠨ ᠬᠥᠭᠵᠢᠯ ᠤᠨ ᠵᠣᠷᠢᠯᠲᠠ ᠊ᠢᠢᠨ ᠬᠦᠷᠢᠶᠡᠨ ᠊ᠳᠦ ᠬᠡᠷᠡᠭᠵᠢᠭᠦᠯᠵᠦ ᠪᠤᠢ ᠵᠣᠷᠢᠯᠲᠠ᠂ ᠪᠣᠳᠣᠯᠭ᠎ᠠ᠂ ᠠᠷᠭ᠎ᠠ ᠬᠡᠮᠵᠢᠶᠡᠨ ᠊ᠤ ᠲᠠᠯᠠᠭᠠᠷᠬᠢ ᠲᠠᠨᠢᠯᠴᠠᠭᠤᠯᠭ᠎ᠠ᠂ ᠮᠡᠳᠡᠭᠡᠯᠡᠯ

✅ᠲᠥᠷᠥ ᠊ᠢᠢᠨ ᠠᠯᠪᠠᠨ ᠬᠠᠭᠠᠭᠴᠢᠳ᠂ ᠮᠡᠳᠡᠭᠡᠯᠡᠯ ᠤᠨ ᠲᠧᠭᠨᠣᠯᠣᠭᠢ ᠊ᠢᠢᠨ ᠮᠡᠷᠭᠡᠵᠢᠯᠲᠡᠨ ᠨᠦᠭᠦᠳ ᠲᠦ ᠵᠣᠷᠢᠭᠤᠯᠤᠭᠰᠠᠨ ᠼᠠ᠊ ᠬᠥ᠊ ᠬᠠ᠊ ᠬᠣ᠊ ᠶᠠ᠊- ᠊ᠤ ᠬᠠᠷᠢᠶ᠎ᠠ ᠪᠣᠯᠤᠨ ᠰᠠᠯᠪᠤᠷᠢ ᠪᠠᠶᠢᠭᠤᠯᠤᠯᠭ᠎ᠠ ᠨᠤᠭᠤᠳ ᠤᠨ ᠲᠥᠷᠥ ᠊ᠢᠢᠨ ᠪᠠᠶᠢᠭᠤᠯᠤᠯᠭ᠎ᠠ ᠨᠤᠭᠤᠳ ᠤᠨ ᠦᠢᠯᠡᠴᠢᠯᠡᠭᠡ᠂ ᠦᠢᠯᠡ ᠠᠵᠢᠯᠯᠠᠭᠠᠨ ᠳᠤ ᠰᠢᠨ᠎ᠡ ᠰᠢᠰᠲ᠋ᠧᠮ᠂ ᠦᠢᠯᠡᠴᠢᠯᠡᠭᠡ ᠨᠡᠪᠲᠡᠷᠡᠭᠦᠯᠬᠦ ᠪᠣᠯᠤᠮᠵᠢ ᠊ᠢᠢᠨ ᠲᠠᠯᠠᠭᠠᠷᠬᠢ ᠲᠠᠨᠢᠯᠴᠠᠭᠤᠯᠭ᠎ᠠ᠂ ᠰᠤᠷᠭᠠᠯᠲᠠ

ᠶᠡᠷᠦᠩᠬᠡᠢ ᠪᠣᠯᠪᠠᠰᠤᠷᠠᠯ ᠤᠨ ᠰᠤᠷᠭᠠᠭᠤᠯᠢ ᠊ᠢᠢᠨ ᠪᠠᠭᠰᠢ᠂ ᠰᠤᠷᠤᠭᠴᠢᠳ ᠲᠤ ᠵᠣᠷᠢᠭᠤᠯᠤᠭᠰᠠᠨ ᠰᠤᠷᠭᠠᠯᠲᠠ

✅ᠵᠢᠵᠢᠭ᠂ ᠳᠤᠮᠳᠠ᠂ ᠬᠤᠪᠢᠶᠠᠷᠢ ᠪᠠᠨ ᠪᠢᠽᠢᠨ᠋ᠧᠰ ᠡᠷᠬᠢᠯᠡᠭᠴᠢ᠂ ᠠᠵᠤ ᠠᠬᠤᠢ ᠨᠢᠭᠡᠴᠡ᠂ ᠢᠷᠭᠡᠳ ᠣᠯᠠᠨ ᠨᠡᠶᠢᠲᠡ ᠊ᠳᠦ ᠵᠣᠷᠢᠭᠤᠯᠤᠭᠰᠠᠨ ᠮᠣᠩᠭᠣᠯ ᠤᠨ ᠫᠷᠣᠭᠷᠠᠮ ᠬᠠᠩᠭᠠᠮᠵᠢ ᠦᠢᠯᠡᠳᠪᠦᠷᠢᠯᠡᠭᠴᠢᠳ ᠤᠨ ᠬᠣᠯᠪᠣᠭᠠᠨ ᠊ᠤ ᠭᠡᠰᠢᠭᠦᠨ ᠒᠒ ᠪᠠᠶᠢᠭᠤᠯᠤᠯᠭ᠎ᠠ ᠊ᠢᠢᠨ ᠪᠦᠲᠦᠭᠡᠭᠳᠡᠬᠦᠨ ᠦᠢᠯᠡᠴᠢᠯᠡᠭᠡ᠂ ᠦᠵᠡᠰᠬᠦᠯᠡᠩ᠂ ᠬᠤᠳᠠᠯᠳᠤᠭ᠎ᠠ᠂ ᠵᠥᠪᠯᠡᠭᠡ᠂ ᠮᠡᠳᠡᠭᠡᠯᠡᠯ

ᠨᠡᠶᠢᠲᠡᠯᠡᠭᠰᠡᠨ᠄