ᠵᠠᠪᠬᠠᠨ ᠠᠶᠢᠮᠠᠭ ᠤᠨ ᠬᠠᠷᠢᠯᠴᠠᠭ᠎ᠠ ᠬᠣᠯᠪᠣᠭ᠎ᠠ᠂ ᠮᠡᠳᠡᠭᠡᠯᠡᠯ ᠤᠨ ᠲᠧᠭᠨᠣᠯᠣᠭᠢ ᠊ᠢᠢᠨ ᠰᠠᠯᠪᠤᠷᠢ ᠊ᠢᠢᠨ ᠘ ᠪᠠᠶᠢᠭᠤᠯᠤᠯᠭ᠎ᠠ ᠴᠠᠬᠢᠮ ᠊ᠳᠤ ᠬᠡᠪᠰᠢᠶ᠎ᠡ ᠡᠺᠰᠫᠣᠳ ᠨᠢᠭᠡᠳᠦᠯ᠎ᠡ


ᠴᠠᠬᠢᠮ ᠬᠥᠭᠵᠢᠯ᠂ ᠬᠠᠷᠢᠯᠴᠠᠭ᠎ᠠ ᠬᠣᠯᠪᠣᠭᠠᠨ ᠊ᠤ ᠶᠠᠮᠤ 《ᠴᠠᠬᠢᠮ ᠊ᠳᠤ ᠬᠡᠪᠰᠢᠶ᠎ᠡ》 ᠤᠷᠢᠶ᠎ᠠ ᠲᠠᠢ 《ᠴᠠᠬᠢᠮ ᠬᠥᠭᠵᠢᠯ ᠤᠨ ᠡᠳᠦᠷᠯᠢᠭ》 ᠠᠷᠭ᠎ᠠ ᠬᠡᠮᠵᠢᠶ᠎ᠡ ᠊ᠢᠢ ᠬᠠᠷᠢᠶ᠎ᠠ᠂ ᠰᠠᠯᠪᠤᠷᠢ ᠪᠠᠶᠢᠭᠤᠯᠤᠯᠭ᠎ᠠ ᠨᠤᠭᠤᠳ ᠤᠨ ᠳᠡᠮᠵᠢᠯᠭᠡ ᠲᠡᠢ ᠪᠡᠷ ᠬᠠᠷᠢᠯᠴᠠᠭ᠎ᠠ ᠬᠣᠯᠪᠣᠭ᠎ᠠ᠂ ᠮᠡᠳᠡᠭᠡᠯᠡᠯ ᠤᠨ ᠲᠧᠭᠨᠣᠯᠣᠭᠢ ᠊ᠢᠢᠨ ᠒᠐ ᠭᠠᠷᠤᠢ ᠲᠥᠷᠥ᠂ ᠬᠤᠪ ᠤᠨ ᠬᠡᠪᠰᠢᠯ᠂ ᠲᠥᠷᠥ ᠊ᠢᠢᠨ ᠪᠤᠰᠤ ᠪᠠᠶᠢᠭᠤᠯᠤᠯᠭ᠎ᠠ ᠊ᠢᠢᠨ ᠢᠳᠡᠪᠬᠢ ᠰᠠᠨᠠᠭᠠᠴᠢᠯᠠᠭ᠎ᠠ᠂ ᠣᠷᠣᠯᠴᠠᠭ᠎ᠠ ᠲᠠᠢ ᠪᠠᠷ ᠬᠠᠮᠲᠤᠷᠠᠨ ᠵᠣᠬᠢᠶᠠᠨ ᠪᠠᠶᠢᠭᠤᠯᠵᠤ ᠪᠠᠶᠢᠨ᠎ᠠ᠃

ᠡᠨᠡᠬᠦ ᠨᠢᠭᠡᠳᠦᠭᠰᠡᠨ ᠠᠷᠭ᠎ᠠ ᠬᠡᠮᠵᠢᠶᠡᠨ ᠊ᠤ ᠬᠦᠷᠢᠶᠡᠨ ᠊ᠳᠦ ᠵᠣᠬᠢᠶᠠᠨ ᠪᠠᠶᠢᠭᠤᠯᠤᠭᠳᠠᠵᠤ ᠪᠤᠢ ᠡᠺᠰᠫᠣᠳ ᠵᠠᠪᠬᠠᠨ ᠠᠶᠢᠮᠠᠭ ᠤᠨ ᠬᠠᠷᠢᠯᠴᠠᠭ᠎ᠠ ᠬᠣᠯᠪᠣᠭ᠎ᠠ᠂ ᠮᠡᠳᠡᠭᠡᠯᠡᠯ ᠤᠨ ᠲᠧᠭᠨᠣᠯᠣᠭᠢ ᠊ᠢᠢᠨ ᠰᠠᠯᠪᠤᠷᠢ ᠊ᠢᠢᠨ ᠘ ᠪᠠᠶᠢᠭᠤᠯᠤᠯᠭ᠎ᠠ᠂ ᠮᠣᠩᠭᠣᠯ ᠤᠨ ᠫᠷᠣᠭᠷᠠᠮ ᠬᠠᠩᠭᠠᠮᠵᠢ ᠦᠢᠯᠡᠳᠪᠦᠷᠢᠯᠡᠭᠴᠢᠳ ᠤᠨ ᠬᠣᠯᠪᠣᠭᠠᠨ ᠊ᠤ ᠭᠡᠰᠢᠭᠦᠨ ᠒᠒ ᠪᠠᠶᠢᠭᠤᠯᠤᠯᠭ᠎ᠠ᠂ ᠼᠠ᠊ ᠬᠥ᠊ ᠬᠠ᠊ ᠬᠣ᠊ ᠶᠠ᠊-᠊ᠤ ᠬᠠᠷᠢᠶ᠎ᠠ᠂ ᠰᠠᠯᠪᠤᠷᠢ ᠪᠠᠶᠢᠭᠤᠯᠤᠯᠭ᠎ᠠ ᠨᠤᠭᠤᠳ ᠠᠵᠤ ᠠᠬᠤᠢ ᠨᠢᠭᠡᠴᠡ᠂ ᠠᠯᠪᠠᠨ ᠪᠠᠶᠢᠭᠤᠯᠤᠯᠭ᠎ᠠ᠂ ᠢᠷᠭᠡᠳ ᠣᠯᠠᠨ ᠨᠡᠶᠢᠲᠡ ᠊ᠳᠦ ᠦᠢᠯᠡ ᠠᠵᠢᠯᠯᠠᠭ᠎ᠠ᠂ ᠪᠦᠲᠦᠭᠡᠭᠳᠡᠬᠦᠨ ᠦᠢᠯᠡᠴᠢᠯᠡᠭᠡ ᠪᠡᠨ ᠰᠤᠷᠲᠠᠯᠴᠢᠯᠠᠨ ᠲᠠᠨᠢᠯᠴᠠᠭᠤᠯᠵᠤ᠂ ᠮᠡᠳᠡᠭᠡᠯᠡᠯ ᠰᠣᠯᠢᠯᠴᠠᠯ᠎ᠠ᠃

ᠨᠡᠶᠢᠲᠡᠯᠡᠭᠰᠡᠨ᠄