ᠦᠨᠳᠦᠰᠦᠨ ᠊ᠤ ᠬᠡᠮᠵᠢᠶᠡᠨ ᠊ᠳᠦ ᠥᠷᠨᠢᠭᠦᠯᠵᠦ ᠪᠤᠢ 《ᠴᠠᠬᠢᠮ ᠊ᠳᠤ ᠬᠡᠪᠰᠢᠶ᠎ ᠡ》 ᠴᠠᠬᠢᠮ ᠬᠥᠭᠵᠢᠯ ᠤᠨ ᠡᠳᠦᠷᠯᠢᠭ ᠳᠣᠷᠣᠨᠠᠲᠤ ᠠᠶᠢᠮᠠᠭ ᠲᠤ ᠵᠣᠬᠢᠶᠠᠨ ᠪᠠᠶᠢᠭᠤᠯᠤᠭᠳᠠᠵᠤ ᠪᠠᠶᠢᠨ᠎ᠠ


ᠣᠷᠣᠨ ᠨᠤᠲᠤᠭ ᠳᠠᠬᠢ ᠴᠠᠬᠢᠮ ᠰᠢᠯᠵᠢᠯᠲᠡ ᠊ᠢᠢ ᠡᠷᠴᠢᠮᠵᠢᠭᠦᠯᠬᠦ ᠵᠣᠷᠢᠯᠭ᠎ᠠ ᠲᠠᠢ ᠮᠡᠳᠡᠭᠡᠯᠡᠯ ᠲᠧᠭᠨᠣᠯᠣᠭᠢ ᠊ᠢᠢᠨ ᠨᠢᠭᠡᠳᠦᠭᠰᠡᠨ ᠠᠷᠭ᠎ᠠ ᠬᠡᠮᠵᠢᠶ᠎ᠡ 《ᠴᠠᠬᠢᠮ ᠊ᠳᠤ ᠬᠡᠪᠰᠢᠶ᠎ ᠡ》 ᠠᠶᠠᠨ ᠊ᠤ ᠠᠵᠢᠯ ᠤᠨ ᠬᠡᠰᠡᠭ ᠤᠨ ᠠᠬᠠᠯᠠᠭᠴᠢ ᠪᠠᠷ ᠼᠠ᠊ ᠬᠥ᠊ ᠬᠠ᠊ ᠬᠣ᠊-᠊ᠤ ᠳᠡᠳ᠋ ᠰᠠᠶᠢᠳ ᠵ ∙ ᠡᠷᠬᠢᠮᠪᠠᠭᠠᠲᠤᠷ ᠠᠵᠢᠯᠯᠠᠵᠤ ᠪᠦᠰᠡᠴᠢᠯᠡᠭᠰᠡᠨ ᠬᠥᠭᠵᠢᠯ ᠤᠨ ᠬᠦᠷᠢᠶᠡᠨ ᠊ᠳᠦ ᠴᠠᠬᠢᠮ ᠬᠥᠭᠵᠢᠯ᠂ ᠬᠠᠷᠢᠯᠴᠠᠭ᠎ᠠ ᠬᠣᠯᠪᠣᠭᠠᠨ ᠊ᠤ ᠶᠠᠮᠤᠨ ᠡᠴᠠ ᠬᠡᠷᠡᠭᠵᠢᠭᠦᠯᠵᠦ ᠪᠤᠢ ᠪᠣᠳᠣᠯᠭ᠎ᠠ᠂ ᠵᠣᠷᠢᠯᠲᠠ᠂ ᠠᠷᠭ᠎ᠠ ᠬᠡᠮᠵᠢᠶ᠎ᠡ ᠊ᠢᠢ ᠲᠠᠨᠢᠯᠴᠠᠭᠤᠯᠵᠤ ᠪᠠᠶᠢᠨ᠎ᠠ᠃

ᠡᠨᠡᠬᠦ ᠡᠳᠦᠷᠯᠢᠭ ᠤᠨ ᠬᠦᠷᠢᠶᠡᠨ ᠊ᠳᠦ ᠠᠶᠢᠮᠠᠭ᠂ ᠣᠷᠣᠨ ᠨᠤᠲᠤᠭ ᠳᠠᠬᠢ ᠴᠠᠬᠢᠮ ᠰᠢᠯᠵᠢᠯᠲᠡ ᠶᠠᠮᠠᠷ ᠲᠦᠪᠰᠢᠨ ᠊ᠳᠦ ᠪᠠᠶᠢᠭ᠎ᠠ ᠊ᠢᠢ ᠦᠨᠡᠯᠡᠵᠦ ᠳ᠋ᠦᠩᠨᠡᠬᠦ ᠊ᠢᠢᠨ ᠵᠡᠷᠭᠡᠴᠡᠭᠡ ᠵᠥᠪᠯᠡᠮᠵᠢ᠂ ᠮᠡᠳᠡᠭᠡᠯᠡᠯ ᠊ᠢ ᠥᠭᠴᠦ᠂ ᠵᠥᠪᠯᠡᠨ ᠲᠤᠰᠠᠯᠠᠬᠤ ᠦᠢᠯᠡᠴᠢᠯᠡᠭᠡ ᠦᠵᠡᠭᠦᠯᠵᠦ ᠪᠤᠢ ᠪᠠᠷ ᠊ᠢᠢᠠᠨ ᠣᠨᠴᠠᠯᠢᠭ᠃

ᠲᠡᠭᠦᠨᠴᠢᠯᠡᠨ ᠲᠥᠷᠥ᠂ ᠬᠤᠪ ᠤᠨ ᠬᠡᠪᠰᠢᠯ ᠤᠨ ᠲᠦᠩᠰᠢᠯᠡᠯ ᠤᠨ ᠬᠦᠷᠢᠶᠡᠨ ᠊ᠳᠦ ᠢᠷᠭᠡᠳ ᠤᠨ ᠴᠠᠬᠢᠮ ᠤᠷ᠎ᠠ ᠴᠢᠳᠠᠪᠤᠷᠢ ᠊ᠢᠢ ᠳᠡᠭᠡᠭᠰᠢᠯᠡᠭᠦᠯᠬᠦ ᠰᠤᠷᠭᠠᠯᠲᠠ ᠵᠣᠬᠢᠶᠠᠨ ᠪᠠᠶᠢᠭᠤᠯᠬᠤ᠂ ᠮᠡᠳᠡᠭᠡᠯᠡᠯ ᠤᠨ ᠲᠧᠭᠨᠣᠯᠣᠭᠢ ᠊ᠢᠢᠨ ᠫᠷᠣᠭᠷᠠᠮ ᠬᠠᠩᠭᠠᠮᠵᠢ ᠦᠢᠯᠡᠳᠪᠦᠷᠢᠯᠡᠭᠴᠢᠳ ᠤᠨ ᠪᠦᠲᠦᠭᠡᠭᠳᠡᠬᠦᠨ᠂ ᠦᠢᠯᠡᠴᠢᠯᠡᠭᠡ ᠊ᠢᠢ ᠰᠤᠷᠲᠠᠯᠴᠢᠯᠠᠨ ᠲᠠᠨᠢᠭᠤᠯᠬᠤ᠂ ᠲᠥᠷᠥ ᠊ᠢᠢᠨ ᠦᠢᠯᠡᠴᠢᠯᠡᠭᠡ ᠊ᠢᠢ ᠰᠢᠭᠤᠷᠬᠠᠢ᠂ ᠬᠠᠷᠢᠭᠤᠴᠠᠯᠭ᠎ᠠ ᠲᠠᠢ᠂ ᠬᠦᠷᠲᠡᠭᠡᠮᠵᠢᠲᠡᠢ ᠬᠦᠷᠭᠡᠬᠦ ᠨᠥᠬᠥᠴᠡᠯ ᠊ᠢ ᠪᠦᠷᠢᠳᠦᠭᠦᠯᠬᠦ᠂ ᠴᠠᠬᠢᠮ ᠦᠨᠳᠦᠰᠦᠲᠡᠨ ᠪᠣᠯᠬᠤ ᠠᠷᠭ᠎ᠠ ᠬᠡᠮᠵᠢᠶ᠎ᠡ ᠊ᠢᠢ ᠡᠷᠴᠢᠮᠵᠢᠭᠦᠯᠬᠦ ᠊ᠢᠢᠨ ᠵᠡᠷᠭᠡᠴᠡᠭᠡ ᠢᠷᠭᠡᠳ ᠤᠨ ᠴᠠᠭ ᠬᠤᠭᠤᠴᠠᠭ᠎ᠠ᠂ ᠵᠠᠷᠤᠳᠠᠯ ᠊ᠢ ᠬᠡᠮᠨᠡᠬᠦ᠂ ᠴᠠᠬᠢᠮ ᠊ᠢᠢᠠᠷ ᠦᠵᠡᠭᠦᠯᠬᠦ ᠲᠥᠷᠥ ᠊ᠢᠢᠨ ᠦᠢᠯᠡᠴᠢᠯᠡᠭᠡᠨ ᠊ᠤ ᠲᠣᠭ᠎ᠠ᠂ ᠬᠦᠷᠲᠡᠭᠡᠮᠵᠢ᠂ ᠢᠷᠭᠡᠳ ᠤᠨ ᠴᠠᠬᠢᠮ ᠭᠠᠷ ᠤᠨ ᠦᠰᠦᠭ ᠤᠨ ᠬᠡᠷᠡᠭᠯᠡᠭᠡ ᠊ᠢᠢ ᠨᠡᠮᠡᠭᠳᠡᠭᠦᠯᠵᠦ᠂ ᠬᠡᠪᠰᠢᠭᠦᠯᠬᠦ ᠳᠦ ᠤᠭ ᠡᠳᠦᠷᠯᠢᠭ ᠤᠨ ᠠᠴᠢ ᠬᠣᠯᠪᠣᠭᠳᠠᠯ ᠣᠷᠣᠰᠢᠵᠤ ᠪᠠᠶᠢᠨ᠎ᠠ᠃

ᠳᠣᠷᠣᠨᠠᠲᠤ ᠠᠶᠢᠮᠠᠭ ᠤᠨ ᠬᠤᠪᠢ ᠊ᠳᠤ ᠑᠓ ᠰᠤᠮᠤ ᠰᠢᠯᠢᠨ ᠺᠠᠪᠧᠯ ᠊ᠳᠦ ᠬᠣᠯᠪᠣᠭᠳᠠᠭᠰᠠᠨ ᠪᠠ ᠡᠨᠡ ᠣᠨ ᠊ᠳᠤ 《ᠨᠢᠭᠡᠳᠦᠭᠰᠡᠨ ᠬᠢᠨᠠᠯᠲᠠ ᠊ᠢᠢᠨ ᠰᠧᠷᠸᠧᠷ》 ᠍ ᠤᠨ ᠲᠥᠪ ᠊ᠢ ᠪᠠᠶᠢᠭᠤᠯᠵᠤ᠂ ᠴᠣᠶᠢᠪᠠᠯᠰᠠᠩ ᠬᠣᠲᠠ ᠊ᠢᠢᠨ ᠒᠒᠐ ᠪᠠᠶᠢᠷᠢᠰᠢᠯ ᠊ᠳᠤ ᠨᠡᠮᠡᠯᠲᠡ ᠪᠡᠷ ᠨᠡᠶᠢᠲᠡ ᠙᠐᠐ ᠺᠠᠮᠧᠷ ᠰᠠᠭᠤᠷᠢᠯᠠᠭᠤᠯᠬᠤ ᠪᠠᠷ ᠲᠥᠯᠦᠪᠯᠡᠭᠡᠳ ᠪᠠᠶᠢᠨ᠎ᠠ᠃ ᠠᠶᠢᠮᠠᠭ ᠤᠨ ᠬᠡᠮᠵᠢᠶᠡᠨ ᠊ᠳᠦ ᠲᠥᠷᠥ ᠊ᠢᠢᠨ ᠦᠢᠯᠡᠴᠢᠯᠡᠭᠡᠨ ᠊ᠤ ᠨᠢᠭᠡᠳᠦᠭᠰᠡᠨ ᠰᠢᠰᠲ᠋ᠧᠮ (ᠢ-ᠮᠣᠩᠭᠣᠯ) ᠍ ᠊ᠳᠦ ᠒᠕ ᠪᠠᠶᠢᠭᠤᠯᠤᠯᠭ᠎ᠠ ᠊ᠢᠢᠨ ᠗᠓ ᠦᠢᠯᠡᠴᠢᠯᠡᠭᠡ ᠬᠣᠯᠪᠣᠭᠳᠠᠭᠰᠠᠨ᠃

ᠴᠠᠬᠢᠮ ᠬᠥᠭᠵᠢᠯ᠂ ᠬᠠᠷᠢᠯᠴᠠᠭ᠎ᠠ ᠬᠣᠯᠪᠣᠭᠠᠨ ᠊ᠤ ᠶᠠᠮᠤ ᠪᠦᠰᠡᠴᠢᠯᠡᠭᠰᠡᠨ ᠬᠥᠭᠵᠢᠯ ᠤᠨ ᠬᠦᠷᠢᠶᠡᠨ ᠊ᠳᠦ ᠥᠩᠭᠡᠷᠡᠭᠰᠡᠨ ᠬᠤᠭᠤᠴᠠᠭᠠᠨ ᠊ᠳᠤ ᠭᠣᠪᠢ᠂ ᠬᠠᠩᠭᠠᠢ᠂ ᠪᠠᠷᠠᠭᠤᠨ ᠪᠥᠰᠡ ᠊ᠢᠢᠨ ᠠᠶᠢᠮᠠᠭ ᠤᠳ ᠲᠤ ᠲᠤᠰ ᠠᠷᠭ᠎ᠠ ᠬᠡᠮᠵᠢᠶ᠎ᠡ ᠊ᠢᠢ ᠵᠣᠬᠢᠶᠠᠨ ᠪᠠᠶᠢᠭᠤᠯᠤᠭᠰᠠᠨ ᠪᠣᠯ ᠴᠢᠨᠠᠭᠰᠢᠳᠠ ᠬᠣᠶᠢᠳ ᠪᠣᠯᠤᠨ ᠲᠥᠪ ᠤᠨ ᠪᠥᠰᠡ ᠊ᠳᠦ ᠦᠷᠭᠦᠯᠵᠢᠯᠡᠨ᠎ᠡ᠃

ᠨᠡᠶᠢᠲᠡᠯᠡᠭᠰᠡᠨ᠄