ᠼᠠ᠊ ᠬᠥ᠊ ᠬᠠ᠊ ᠬᠣ᠊-᠊᠊ᠤ ᠳᠡᠳ᠋ ᠰᠠᠶᠢᠳ ᠵ ∙ ᠡᠷᠬᠢᠮᠪᠠᠭᠠᠲᠤᠷ ᠊ᠢᠢᠠᠷ ᠠᠬᠠᠯᠠᠭᠤᠯᠤᠭᠰᠠᠨ ᠠᠵᠢᠯ ᠤᠨ ᠬᠡᠰᠡᠭ ᠵᠡᠭᠦᠨ ᠪᠦᠰᠡ ᠊ᠢᠢᠨ ᠓ ᠳ᠋ᠠᠬᠢ ᠠᠶᠢᠮᠠᠭ ᠰᠦᠬᠡᠪᠠᠭᠠᠲᠤᠷ ᠠᠶᠢᠮᠠᠭ ᠲᠤ ᠠᠵᠢᠯᠯᠠᠵᠤ ᠪᠠᠶᠢᠨ᠎ᠠ


ᠴᠠᠬᠢᠮ ᠬᠥᠭᠵᠢᠯ᠂ ᠬᠠᠷᠢᠯᠴᠠᠭ᠎ᠠ ᠬᠣᠯᠪᠣᠭᠠᠨ ᠊ᠤ ᠰᠠᠶᠢᠳ ᠤᠨ ᠪᠠᠲᠤᠯᠠᠭᠰᠠᠨ 《ᠴᠠᠬᠢᠮ ᠠᠶᠢᠮᠠᠭ》 ᠪᠣᠳᠣᠯᠭ᠎ᠠ ᠊ᠢᠢᠨ ᠵᠥᠪᠯᠡᠮᠵᠢ ᠊ᠢᠢᠨ ᠬᠡᠷᠡᠭᠵᠢᠯᠲᠡ ᠊ᠢᠢ ᠬᠠᠩᠭᠠᠬᠤ᠂ ᠣᠷᠣᠨ ᠨᠤᠲᠤᠭ ᠲᠤ ᠴᠠᠬᠢᠮ ᠰᠢᠯᠵᠢᠯᠲᠡ ᠊ᠢᠢ ᠡᠷᠴᠢᠮᠵᠢᠭᠦᠯᠬᠦ ᠳᠦ ᠲᠤᠯᠭᠠᠮᠳᠠᠵᠤ ᠪᠤᠢ ᠠᠰᠠᠭᠤᠳᠠᠯ ᠤᠳ ᠲᠤ ᠮᠡᠷᠭᠡᠵᠢᠯ ᠠᠷᠭ᠎ᠠ ᠵᠦᠢ ᠊ᠢᠢᠨ ᠵᠥᠪᠯᠡᠨ ᠲᠤᠰᠠᠯᠠᠬᠤ ᠦᠢᠯᠡᠴᠢᠯᠡᠭᠡ ᠦᠵᠡᠭᠦᠯᠬᠦ 《ᠴᠠᠬᠢᠮ ᠊ᠳᠤ ᠬᠡᠪᠰᠢᠶ᠎ᠡ》 ᠤᠷᠢᠶ᠎ᠠ ᠲᠠᠢ ᠴᠠᠬᠢᠮ ᠬᠥᠭᠵᠢᠯ ᠤᠨ ᠡᠳᠦᠷᠯᠢᠭ ᠠᠷᠭ᠎ᠠ ᠬᠡᠮᠵᠢᠶ᠎ᠡ ᠰᠦᠬᠡᠪᠠᠭᠠᠲᠤᠷ ᠠᠶᠢᠮᠠᠭ ᠲᠤ ᠥᠨᠥᠳᠥᠷ (᠒᠐᠒᠔.᠐᠔.᠑᠙) ᠵᠣᠬᠢᠶᠠᠨ ᠪᠠᠶᠢᠭᠤᠯᠤᠭᠳᠠᠵᠤ ᠪᠠᠶᠢᠨ᠎ᠠ᠃

ᠠᠷᠭ᠎ᠠ ᠬᠡᠮᠵᠢᠶᠡᠨ ᠊ᠤ ᠬᠦᠷᠢᠶᠡᠨ ᠊ᠳᠦ᠄

✅《ᠴᠠᠬᠢᠮ ᠊ᠳᠤ ᠬᠡᠪᠰᠢᠶ᠎ᠡ》 ᠨᠢᠭᠡᠳᠦᠭᠰᠡᠨ ᠬᠤᠷᠠᠯ᠂ ᠠᠭᠤᠯᠵᠠᠯᠲᠠ

✅ᠮᠡᠳᠡᠭᠡᠯᠡᠯ ᠤᠨ ᠲᠧᠭᠨᠣᠯᠣᠭᠢ ᠊ᠢᠢᠨ ᠦᠵᠡᠰᠬᠦᠯᠡᠩ (ICT expo) ᠦᠨᠳᠦᠰᠦᠨ ᠊ᠤ ᠫᠷᠣᠭᠷᠠᠮ ᠬᠠᠩᠭᠠᠮᠵᠢ ᠦᠢᠯᠡᠳᠪᠦᠷᠢᠯᠡᠭᠴᠢ ᠓᠕ ᠪᠠᠶᠢᠭᠤᠯᠤᠯᠭ᠎ᠠ ᠊ᠢᠢᠨ ᠪᠦᠲᠦᠭᠡᠭᠳᠡᠬᠦᠨ᠂ ᠦᠢᠯᠡᠴᠢᠯᠡᠭᠡᠨ ᠊ᠤ ᠲᠠᠨᠢᠯᠴᠠᠭᠤᠯᠭ᠎ᠠ

✅ᠶᠡᠷᠦᠩᠬᠡᠢ ᠪᠣᠯᠪᠠᠰᠤᠷᠠᠯ ᠤᠨ ᠰᠤᠷᠭᠠᠭᠤᠯᠢ ᠊ᠢᠢᠨ ᠪᠠᠭᠰᠢ᠂ ᠰᠤᠷᠤᠭᠴᠢᠳ᠂ ᠫᠣᠯᠢᠲ᠋ᠧᠭᠨᠢᠭ ᠺᠣᠯᠯᠧᠵᠢ ᠊ᠢᠢᠨ ᠣᠶᠤᠲᠠᠨ ᠨᠤᠭᠤᠳ ᠲᠤ ᠵᠣᠷᠢᠭᠤᠯᠤᠭᠰᠠᠨ ᠰᠤᠷᠭᠠᠯᠲᠠ

✅ᠲᠥᠷᠦ ᠊ᠢᠢᠨ ᠠᠯᠪᠠᠨ ᠬᠠᠭᠠᠭᠴᠢᠳ᠂ ᠮᠡᠳᠡᠭᠡᠯᠡᠯ ᠤᠨ ᠲᠧᠭᠨᠣᠯᠣᠭᠢ ᠊ᠢᠢᠨ ᠮᠡᠷᠭᠡᠵᠢᠯᠲᠡᠨ ᠨᠦᠭᠦᠳ ᠲᠦ ᠵᠣᠷᠢᠭᠤᠯᠤᠭᠰᠠᠨ ᠰᠤᠷᠭᠠᠯᠲᠠ

✅ᠬᠤᠪᠢᠶᠠᠷᠢ ᠪᠠᠨ ᠪᠢᠽᠢᠨ᠋ᠧᠰ ᠡᠷᠬᠢᠯᠡᠭᠴᠢ᠂ ᠵᠢᠵᠢᠭ ᠳᠤᠮᠳᠠ ᠦᠢᠯᠡᠳᠪᠦᠷᠢᠯᠡᠯ ᠡᠷᠬᠢᠯᠡᠭᠴᠢᠳ ᠲᠦ ᠵᠣᠷᠢᠭᠤᠯᠤᠭᠰᠠᠨ ᠰᠤᠷᠭᠠᠯᠲᠠ᠂ ᠵᠥᠪᠯᠡᠭᠡ᠂ ᠮᠡᠳᠡᠭᠡᠯᠡᠯ ᠵᠡᠷᠭᠡ ᠦᠢᠯᠡ ᠠᠵᠢᠯᠯᠠᠭ᠎ᠠ ᠕ ᠲᠠᠩᠬᠢᠮ ᠊ᠳᠤ ᠨᠢᠭᠡᠨ ᠵᠡᠷᠭᠡ ᠪᠣᠯᠵᠤ ᠪᠠᠶᠢᠨ᠎ᠠ᠃

ᠨᠡᠶᠢᠲᠡᠯᠡᠭᠰᠡᠨ᠄