《ᠴᠠᠬᠢᠮ ᠊ᠳᠤ ᠬᠡᠪᠰᠢᠶ᠎ ᠡ》ᠴᠠᠬᠢᠮ ᠬᠥᠭᠵᠢᠯ ᠤᠨ ᠡᠳᠦᠷᠯᠢᠭ ᠬᠣᠶᠢᠳ ᠪᠥᠰᠡ ᠊ᠳᠦ ᠦᠷᠭᠦᠯᠵᠢᠯᠡᠵᠦ ᠪᠠᠶᠢᠨ᠎ᠠ


ᠴᠠᠬᠢᠮ ᠬᠥᠭᠵᠢᠯ᠂ ᠬᠠᠷᠢᠯᠴᠠᠭ᠎ᠠ ᠬᠣᠯᠪᠣᠭᠠᠨ ᠊ᠤ ᠰᠠᠶᠢᠳ ᠤᠨ ᠵᠥᠪᠯᠡᠬᠦ ᠪ ∙ ᠭᠠᠩᠪᠠᠲᠤ ᠪᠠᠷ ᠠᠬᠠᠯᠠᠭᠤᠯᠤᠭᠰᠠᠨ ᠠᠵᠢᠯ ᠤᠨ ᠬᠡᠰᠡᠭ ᠬᠣᠶᠢᠳ ᠪᠥᠰᠡ ᠊ᠢᠢᠨ ᠡᠬᠢᠨ ᠊ᠤ ᠠᠶᠢᠮᠠᠭ ᠬᠥᠪᠰᠥᠭᠥᠯ ᠠᠶᠢᠮᠠᠭ ᠲᠤ 《ᠴᠠᠬᠢᠮ ᠊ᠳᠤ ᠬᠡᠪᠰᠢᠶ᠎ᠡ》 ᠠᠷᠭ᠎ᠠ ᠬᠡᠮᠵᠢᠶ᠎ᠡ ᠊ᠢᠢ ᠬᠡᠷᠡᠭᠵᠢᠭᠦᠯᠦᠨ ᠠᠵᠢᠯᠯᠠᠵᠤ ᠪᠠᠶᠢᠨ᠎ᠠ᠃

ᠴᠠᠬᠢᠮ ᠬᠥᠭᠵᠢᠯ ᠤᠨ ᠡᠳᠦᠷᠯᠢᠭ ᠤᠨ ᠬᠦᠷᠢᠶᠡᠨ ᠊ᠳᠦ ᠼᠠ᠊ ᠬᠥ᠊ ᠬᠠ᠊ ᠬᠣ᠊ ᠶᠠ᠊ ᠪᠣᠯᠤᠨ ᠬᠠᠷᠢᠶ᠎ᠠ᠂ ᠰᠠᠯᠪᠤᠷᠢ ᠪᠠᠶᠢᠭᠤᠯᠤᠯᠭ᠎ᠠ ᠊ᠢᠢᠨ ᠲᠥᠯᠦᠭᠡᠯᠡᠯ᠂ ᠲᠥᠷᠦ᠂ ᠬᠤᠪ ᠤᠨ ᠬᠡᠪᠰᠢᠯ ᠤᠨ ᠬᠠᠮᠲᠤᠷᠠᠭᠰᠠᠨ ᠪᠠᠭ ᠠᠶᠢᠮᠠᠭ᠂ ᠣᠷᠣᠨ ᠨᠤᠲᠤᠭ ᠳ᠋ᠠᠬᠢ ᠴᠠᠬᠢᠮ ᠰᠢᠯᠵᠢᠯᠲᠡ ᠶᠠᠮᠠᠷ ᠲᠦᠪᠰᠢᠨ ᠊ᠳᠦ ᠪᠠᠶᠢᠭ᠎ᠠ ᠊ᠢᠢ ᠦᠨᠡᠯᠡᠵᠦ ᠳ᠋ᠦᠩᠨᠡᠬᠦ ᠤᠨ ᠵᠡᠷᠭᠡᠴᠡᠭᠡ ᠲᠤᠯᠭᠠᠮᠳᠠᠵᠤ ᠪᠤᠢ ᠠᠰᠠᠭᠤᠳᠠᠯ ᠤᠳ ᠲᠤ ᠰᠢᠢᠳᠦᠯ᠂ ᠰᠠᠨᠠᠯ ᠪᠣᠯᠭᠠᠬᠤ᠂ ᠵᠥᠪᠯᠡᠨ ᠲᠤᠰᠠᠯᠠᠬᠤ ᠦᠢᠯᠡᠴᠢᠯᠡᠭᠡ ᠊ᠢᠢ ᠦᠵᠡᠭᠦᠯᠵᠦ ᠪᠠᠶᠢᠨ᠎ᠠ᠃

ᠮᠥᠨ ᠲᠥᠷᠥ᠂ ᠬᠤᠪ ᠤᠨ ᠬᠡᠪᠰᠢᠯ ᠤᠨ ᠲᠦᠩᠰᠢᠯᠡᠯ ᠤᠨ ᠬᠦᠷᠢᠶᠡᠨ ᠊ᠳᠦ ᠢᠷᠭᠡᠳ ᠤᠨ ᠴᠠᠬᠢᠮ ᠤᠷ᠎ᠠ ᠴᠢᠳᠠᠪᠤᠷᠢ ᠊ᠢᠢ ᠳᠡᠭᠡᠭᠰᠢᠯᠡᠭᠦᠯᠬᠦ ᠰᠤᠷᠭᠠᠯᠲᠠ᠂ ᠮᠡᠳᠡᠭᠡᠯᠡᠯ ᠤᠨ ᠲᠧᠭᠨᠣᠯᠣᠭᠢ ᠊ᠢᠢᠨ ᠫᠷᠣᠭᠷᠠᠮ ᠬᠠᠩᠭᠠᠮᠵᠢ ᠦᠢᠯᠡᠳᠪᠦᠷᠢᠯᠡᠭᠴᠢᠳ ᠤᠨ ᠪᠦᠲᠦᠭᠡᠭᠳᠡᠬᠦᠨ᠂ ᠦᠢᠯᠡᠴᠢᠯᠡᠭᠡ ᠊ᠢᠢ ᠰᠤᠷᠲᠠᠯᠴᠢᠯᠠᠨ ᠲᠠᠨᠢᠭᠤᠯᠬᠤ᠂ ᠦᠵᠡᠰᠬᠦᠯᠡᠩ ᠬᠤᠳᠠᠯᠳᠤᠭ᠎ᠠ᠂ ᠵᠢᠵᠢᠭ ᠳᠤᠮᠳᠠ᠂ ᠬᠤᠪᠢᠶᠠᠷᠢ ᠪᠠᠨ ᠪᠢᠽᠢᠨ᠋ᠧᠰ ᠡᠷᠬᠢᠯᠡᠭᠴᠢᠳ ᠲᠦ ᠪᠢᠽᠢᠨ᠋ᠧᠰ ᠊ᠢᠢᠡᠨ ᠬᠡᠷᠬᠢᠨ ᠥᠷᠭᠡᠵᠢᠭᠦᠯᠬᠦ᠂ ᠫᠷᠣᠭᠷᠠᠮ ᠬᠠᠩᠭᠠᠮᠵᠢ ᠊ᠢᠢᠨ ᠲᠠᠨᠢᠯᠴᠠᠭᠤᠯᠭ᠎ᠠ᠂ ᠰᠤᠷᠭᠠᠯᠲᠠ ᠵᠡᠷᠭᠡ ᠠᠷᠭ᠎ᠠ ᠬᠡᠮᠵᠢᠶ᠎ᠡ ᠨᠢᠭᠡᠨ ᠵᠡᠷᠭᠡ ᠵᠣᠬᠢᠶᠠᠨ ᠪᠠᠶᠢᠭᠤᠯᠤᠭᠳᠠᠵᠤ ᠪᠠᠶᠢᠨ᠎ᠠ᠃

ᠬᠥᠪᠰᠥᠭᠥᠯ ᠠᠶᠢᠮᠠᠭ ᠤᠨ ᠒᠒ ᠰᠤᠮᠤ᠂ ᠒ ᠲᠣᠰᠬᠣᠨ ᠊ᠳᠤ ᠥᠨᠳᠥᠷ ᠬᠤᠷᠳᠤᠨ ᠊ᠤ ᠢᠨᠲ᠋ᠧᠷᠨᠡᠲ ᠊ᠢᠢᠨ ᠑᠔᠘᠐ ᠺᠢᠯᠣᠮᠧᠲ᠋ᠷ ᠰᠢᠯᠢᠨ ᠺᠠᠪᠧᠯ ᠤᠨ ᠰᠦᠯᠵᠢᠶ᠎ᠡ ᠨᠡᠪᠲᠡᠷᠡᠭᠰᠡᠨ ᠪᠠ ᠨᠡᠶᠢᠲᠡ ᠬᠦᠮᠦᠨ ᠠᠮᠠ ᠊ᠢᠢᠨ ᠙᠕.᠘% ᠢᠨᠲ᠋ᠧᠷᠨᠡᠲ ᠊ᠤᠨ ᠰᠦᠯᠵᠢᠶᠡᠨ ᠊ᠳᠦ ᠬᠣᠯᠪᠣᠭᠳᠠᠭᠰᠠᠨ᠃ ᠑᠒᠙ ᠪᠠᠭ ᠤᠨ ᠒᠕ ᠨᠢ ᠔G᠂ ᠘᠒ ᠪᠠᠭ ᠨᠢ ᠓G ᠰᠦᠯᠵᠢᠶᠡᠨ ᠊ᠳᠦ ᠬᠣᠯᠪᠣᠭᠳᠠᠵᠤ᠂ ᠠᠶᠢᠮᠠᠭ ᠤᠨ ᠬᠡᠮᠵᠢᠶᠡᠨ ᠊ᠳᠦ ᠴᠠᠬᠢᠯᠭᠠᠨ ᠬᠣᠯᠪᠣᠭᠠᠨ ᠊ᠤ ᠭᠤᠷᠪᠠᠯᠠᠭᠰᠠᠨ ᠦᠢᠯᠡᠴᠢᠯᠡᠭᠡ ᠊ᠢᠢ ᠴᠠᠭᠠᠨ ᠠᠭᠤᠯᠠ᠂ ᠲᠠᠷᠢᠶᠠᠯᠠᠩ᠂ ᠲᠣᠰᠣᠨᠴᠡᠩᠭᠡᠯ ᠰᠤᠮᠤ᠂ ᠬᠠᠳᠬᠤᠯᠠ ᠲᠣᠰᠬᠣᠨ ᠊ᠳᠤ ᠨᠡᠪᠲᠡᠷᠡᠭᠦᠯᠦᠭᠰᠡᠨ᠃

ᠲᠥᠷᠥ ᠊ᠢᠢᠨ ᠦᠢᠯᠡᠴᠢᠯᠡᠭᠡᠨ ᠊ᠤ ᠨᠢᠭᠡᠳᠦᠭᠰᠡᠨ ᠰᠢᠰᠲ᠋ᠧᠮ (ᠢ-ᠮᠣᠩᠭᠣᠯ) ᠍᠊ᠳᠦ ᠗᠖ ᠦᠢᠯᠡᠴᠢᠯᠡᠭᠡ ᠊ᠢᠢ ᠬᠣᠯᠪᠣᠭᠰᠠᠨ ᠪᠣᠯ ᠔ ᠪᠠᠶᠢᠷᠢᠰᠢᠯ ᠊ᠳᠤ ᠲᠥᠷᠥ ᠊ᠢᠢᠨ ᠴᠠᠬᠢᠮ ᠦᠢᠯᠡᠴᠢᠯᠡᠭᠡᠨ ᠊ᠤ 《ᠬᠤᠷᠳᠤᠨ》 ᠴᠡᠭ ᠦᠢᠯᠡ ᠠᠵᠢᠯᠯᠠᠭ᠎ᠠ ᠊ᠢᠢ ᠪᠠᠨ ᠶᠠᠪᠤᠭᠤᠯᠵᠤ᠂ ᠥᠨᠥᠳᠥᠷ ᠤᠨ ᠪᠠᠶᠢᠳᠠᠯ ᠊ᠢᠢᠠᠷ ᠑᠒000 ᠭᠠᠷᠤᠢ ᠢᠷᠭᠡᠳ ᠲᠦ ᠲᠥᠷᠥ ᠊ᠢᠢᠨ ᠦᠢᠯᠡᠴᠢᠯᠡᠭᠡ ᠊ᠢᠢ ᠬᠠᠮᠢᠭ᠎ᠠ ᠡᠴᠠ ᠴᠤ ᠣᠶᠢᠷ᠎ᠠ ᠬᠦᠷᠭᠡᠨ ᠠᠵᠢᠯᠯᠠᠵᠤ ᠪᠠᠶᠢᠨ᠎ᠠ᠃ ᠠᠶᠢᠮᠠᠭ ᠤᠨ ᠬᠡᠮᠵᠢᠶᠡᠨ ᠊ᠳᠦ ᠨᠡᠶᠢᠲᠡ ᠔᠗000 ᠢᠷᠭᠡᠨ ᠊ᠢ ᠲᠣᠭᠠᠨ ᠭᠠᠷ ᠤᠨ ᠦᠰᠦᠭ ᠲᠡᠢ ᠪᠣᠯᠭᠠᠬᠤ ᠪᠠᠷ ᠲᠣᠭᠠᠴᠠᠭᠰᠠᠨ ᠡᠴᠠ ᠔.᠔᠖᠕ ᠢᠷᠭᠡᠨ ᠪᠤᠶᠤ ᠙.᠗% ᠨᠢ ᠲᠣᠭᠠᠨ ᠭᠠᠷ ᠤᠨ ᠦᠰᠦᠭ ᠲᠡᠢ ᠪᠣᠯᠤᠭᠰᠠᠨ ᠪᠠᠶᠢᠨ᠎ᠠ᠃

ᠨᠡᠶᠢᠲᠡᠯᠡᠭᠰᠡᠨ᠄