ᠴᠠᠬᠢᠮ ᠬᠥᠭᠵᠢᠯ᠂ ᠬᠠᠷᠢᠯᠴᠠᠭ᠎ᠠ ᠬᠣᠯᠪᠣᠭᠠᠨ ᠊ᠤ ᠶᠠᠮᠤ ᠮᠧᠲ᠋ᠠ ᠺᠣᠮᠫᠠᠨᠢ ᠲᠠᠢ ᠺᠢᠪᠧᠷ ᠠᠶᠤᠯ ᠦᠭᠡᠢ ᠪᠠᠶᠢᠳᠠᠯ᠂ ᠴᠠᠬᠢᠮ ᠣᠷᠴᠢᠨ ᠳᠠᠬᠢ ᠬᠡᠦᠬᠡᠳ ᠬᠠᠮᠠᠭᠠᠯᠠᠯ ᠤᠨ ᠴᠢᠭᠯᠡᠯ᠎ᠡ ᠪᠡᠷ ᠬᠠᠮᠲᠤᠷᠠᠨ᠎ᠠ


ᠴᠠᠬᠢᠮ ᠬᠥᠭᠵᠢᠯ᠂ ᠬᠠᠷᠢᠯᠴᠠᠭ᠎ᠠ ᠬᠣᠯᠪᠣᠭᠠᠨ ᠊ᠤ ᠶᠠᠮᠤᠨ ᠊ᠤ ᠲᠥᠷᠦ ᠊ᠢᠢᠨ ᠨᠠᠷᠢᠨ ᠪᠢᠴᠢᠭ ᠤᠨ ᠳᠠᠷᠤᠭ᠎ᠠ ᠪ ∙ ᠪᠠᠲᠤᠴᠡᠴᠡᠭ ᠒᠐᠒᠔ ᠣᠨ ᠊ᠤ ᠔ ᠳ᠋ᠦ᠋ᠭᠡᠷ ᠰᠠᠷ᠎ᠠ ᠊ᠢᠢᠨ ᠒᠒ ᠊ᠤ ᠡᠳᠦᠷ ᠮ᠋᠋᠍᠍ᠶᠲᠠ ᠊ᠢᠢᠨ ᠠᠽᠢᠶ᠎ ᠠ᠂ ᠨᠣᠮᠣᠬᠠᠨ ᠳᠠᠯᠠᠢ ᠊ᠢᠢᠨ ᠪᠦᠰᠡ ᠊ᠢᠢᠨ ᠣᠹᠹᠢᠰ ᠤᠨ ᠲᠥᠪ ᠠᠽᠢᠶ᠎ᠠ ᠬᠠᠷᠢᠭᠤᠴᠠᠭᠰᠠᠨ ᠣᠯᠠᠨ ᠨᠡᠶᠢᠲᠡ ᠊ᠢᠢᠨ ᠪᠣᠳᠣᠯᠭ᠎ᠠ ᠊ᠢᠢᠨ ᠬᠡᠯᠲᠡᠰ ᠤᠨ ᠳᠠᠷᠤᠭ᠎ᠠ ᠰᠧᠨᠢᠷᠠ ᠠᠪᠧᠢᠪᠤᠷᠳᠧᠨᠠ ᠲᠡᠷᠢᠭᠦᠲᠡᠢ ᠲᠥᠯᠦᠭᠡᠯᠡᠭᠴᠢᠳ ᠊ᠢ ᠬᠦᠯᠢᠶᠡᠨ ᠠᠪᠴᠤ ᠠᠭᠤᠯᠵᠠᠯ᠎ᠠ᠃

ᠲᠥᠷᠦ ᠊ᠢᠢᠨ ᠨᠠᠷᠢᠨ ᠪᠢᠴᠢᠭ ᠤᠨ ᠳᠠᠷᠤᠭ᠎ᠠ ᠪ ∙ ᠪᠠᠲᠤᠴᠡᠴᠡᠭ᠄ ᠮᠶᠲᠠ ᠺᠣᠮᠫᠠᠨᠢ ᠨᠢ ᠒᠐᠑᠙ ᠣᠨ ᠡᠴᠠ ᠡᠬᠢᠯᠡᠨ 《ᠵᠠᠰᠠᠭ ᠤᠨ ᠭᠠᠵᠠᠷ ᠲᠠᠢ ᠬᠠᠮᠲᠤᠷᠠᠨ ᠠᠵᠢᠯᠯᠠᠬᠤ ᠰᠤᠪᠠᠭ ᠪᠤᠶᠤ ᠨᠣᠭᠣᠭᠠᠨ ᠰᠤᠪᠠᠭ ᠊ᠢ ᠮᠣᠩᠭᠣᠯ ᠤᠯᠤᠰ ᠲᠤ ᠨᠡᠪᠲᠡᠷᠡᠭᠦᠯᠵᠦ᠂ ᠬᠠᠮᠲᠤᠷᠠᠨ ᠠᠵᠢᠯᠯᠠᠵᠤ ᠪᠠᠶᠢᠭ᠎ᠠ ᠊ᠳᠤ ᠲᠠᠯᠠᠷᠬᠠᠯ ᠢᠯᠡᠷᠬᠡᠶᠢᠯᠡᠭᠡᠳ ᠴᠢᠨᠠᠭᠰᠢᠳᠠ ᠺᠢᠪᠧᠷ ᠠᠶᠤᠯ ᠦᠭᠡᠢ ᠪᠠᠶᠢᠳᠠᠯ᠂ ᠺᠢᠪᠧᠷ ᠭᠡᠮᠲᠦ ᠬᠡᠷᠡᠭ᠂ ᠢᠯᠠᠩᠭᠤᠶ᠎ᠠ ᠬᠦᠮᠦᠨ ᠊ᠤ ᠬᠤᠪ ᠤᠨ ᠮᠡᠳᠡᠭᠡᠯᠡᠯ ᠊ᠢ ᠬᠠᠮᠠᠭᠠᠯᠠᠬᠤ᠂ ᠴᠠᠬᠢᠮ ᠣᠷᠴᠢᠨ ᠳ᠋ᠠᠬᠢ ᠬᠡᠦᠬᠡᠳ ᠬᠠᠮᠠᠭᠠᠯᠠᠯ ᠤᠨ ᠴᠢᠭᠯᠡᠯ ᠊ᠢᠢᠡᠷ ᠬᠠᠮᠲᠤᠷᠠᠨ ᠠᠵᠢᠯᠯᠠᠬᠤ ᠠᠰᠠᠭᠤᠳᠠᠯ ᠊ᠢᠢᠠᠷ ᠰᠠᠨᠠᠯ ᠰᠣᠯᠢᠯᠴᠠᠪᠠ᠃

ᠠᠭᠤᠯᠵᠠᠯᠲᠠ ᠊ᠢᠢᠨ ᠦᠶ᠎ᠡ ᠪᠡᠷ ᠮᠢᠲᠠ ᠺᠣᠮᠫᠠᠨᠢ ᠊ᠢᠢᠨ ᠲᠥᠯᠦᠭᠡᠯᠡᠭᠴᠢᠳ ᠨᠡᠶᠢᠭᠡᠮ ᠤᠨ ᠰᠦᠯᠵᠢᠶᠡᠨ ᠳ᠋ᠡᠬᠢ ᠬᠠᠭᠤᠷᠮᠠᠴᠢ ᠬᠠᠶᠠᠭ᠂ ᠬᠤᠳᠠᠯ ᠮᠡᠳᠡᠭᠡᠯᠡᠯ ᠊ᠢ ᠬᠢᠮᠡᠯ ᠣᠶᠤᠨ ᠤᠬᠠᠭᠠᠨ ᠊ᠤ ᠲᠧᠭᠨᠣᠯᠣᠭᠢ ᠠᠰᠢᠭᠯᠠᠨ ᠬᠡᠷᠬᠢᠨ ᠢᠯᠡᠷᠡᠭᠦᠯᠦᠨ᠂ ᠤᠰᠠᠳᠬᠠᠵᠤ ᠪᠠᠶᠢᠭ᠎ᠠ ᠲᠠᠯ᠎ᠠ ᠪᠠᠷ ᠲᠣᠪᠴᠢ ᠲᠠᠨᠢᠯᠴᠠᠭᠤᠯᠭ᠎ᠠ ᠬᠢᠪᠡ᠃

ᠨᠡᠶᠢᠲᠡᠯᠡᠭᠰᠡᠨ᠄