ᠣᠷᠬᠣᠨ ᠠᠶᠢᠮᠠᠭ ᠴᠠᠬᠢᠮ ᠰᠢᠯᠵᠢᠯᠲᠡ ᠊ᠢᠢᠨ ᠪᠡᠯᠡᠨ ᠪᠠᠶᠢᠳᠠᠯ ᠤᠨ ᠶᠡᠷᠦᠩᠬᠡᠢ ᠦᠨᠡᠯᠡᠭᠡ ᠪᠡᠷ ᠤᠯᠤᠰ ᠲᠤ ᠪᠠᠨ ᠲᠡᠷᠢᠭᠦᠯᠡᠵᠦ᠂ ᠑ ᠍᠊ᠳᠦ ᠡᠷᠢᠮᠪᠡᠯᠡᠭᠳᠡᠭᠰᠡᠨ


ᠴᠠᠬᠢᠮ ᠰᠢᠯᠵᠢᠯᠲᠡ ᠊ᠢᠢ ᠦᠨᠳᠦᠰᠦᠨ ᠊ᠤ ᠬᠡᠮᠵᠢᠶᠡᠨ ᠊ᠳᠦ ᠡᠷᠴᠢᠮᠵᠢᠭᠦᠯᠬᠦ᠂ ᠲᠥᠷᠥ ᠊ᠢᠢᠨ ᠴᠠᠬᠢᠮ ᠦᠢᠯᠡᠴᠢᠯᠡᠭᠡᠨ ᠊ᠤ ᠴᠢᠨᠠᠷ᠂ ᠬᠦᠷᠲᠡᠭᠡᠮᠵᠢ ᠊ᠢᠢ ᠨᠡᠮᠡᠭᠳᠡᠭᠦᠯᠬᠦ᠂ ᠪᠦᠬᠦ ᠨᠡᠶᠢᠲᠡ ᠊ᠢᠢᠨ ᠴᠠᠬᠢᠮ ᠤᠷ᠎ᠠ ᠴᠢᠳᠠᠪᠤᠷᠢ ᠊ᠢᠢ ᠳᠡᠭᠡᠭᠰᠢᠯᠡᠭᠦᠯᠬᠦ ᠵᠣᠷᠢᠯᠭ᠎ᠠ ᠪᠦᠬᠦᠢ 《ᠴᠠᠬᠢᠮ ᠊ᠳᠤ ᠬᠡᠪᠰᠢᠶ᠎ᠡ》 ᠴᠠᠬᠢᠮ ᠬᠥᠭᠵᠢᠯ ᠤᠨ ᠡᠳᠦᠷᠯᠢᠭ (᠒᠐᠒᠔.᠐᠔.᠒᠕) ᠣᠷᠬᠣᠨ ᠠᠶᠢᠮᠠᠭ ᠲᠤ ᠪᠣᠯᠤᠯ᠎ᠠ᠃

ᠦᠨᠳᠦᠰᠦᠨ ᠊ᠤ ᠬᠡᠮᠵᠢᠶᠡᠨ ᠊ᠳᠦ ᠪᠦᠰᠡᠴᠢᠯᠡᠭᠰᠡᠨ ᠪᠠᠶᠢᠳᠠᠯ ᠊ᠢᠢᠠᠷ ᠵᠣᠬᠢᠶᠠᠨ ᠪᠠᠶᠢᠭᠤᠯᠵᠤ ᠪᠤᠢ ᠲᠤᠰ ᠠᠷᠭ᠎ᠠ ᠬᠡᠮᠵᠢᠶᠡᠨ ᠊ᠳᠦ ᠴᠠᠬᠢᠮ ᠬᠥᠭᠵᠢᠯ᠂ ᠬᠠᠷᠢᠯᠴᠠᠭ᠎ᠠ ᠬᠣᠯᠪᠣᠭᠠᠨ ᠊ᠤ ᠶᠠᠮᠤ ᠪᠣᠯᠤᠨ ᠬᠠᠷᠢᠶ᠎ᠠ᠂ ᠰᠠᠯᠪᠤᠷᠢ ᠪᠠᠶᠢᠭᠤᠯᠤᠯᠭ᠎ᠠ ᠨᠤᠭᠤᠳ᠂ ᠮᠣᠩᠭᠣᠯ ᠤᠨ ᠫᠷᠣᠭᠷᠠᠮ ᠬᠠᠩᠭᠠᠮᠵᠢ ᠦᠢᠯᠡᠳᠪᠦᠷᠢᠯᠡᠭᠴᠢᠳ ᠤᠨ ᠬᠣᠯᠪᠣᠭ᠎ᠠ ᠲᠥᠷᠥ ᠊ᠢᠢᠨ ᠪᠤᠰᠤ ᠪᠠᠶᠢᠭᠤᠯᠤᠯᠭ᠎ᠠ᠂ ᠭᠡᠰᠢᠭᠦᠨ ᠑᠖ ᠪᠠᠶᠢᠭᠤᠯᠤᠯᠭ᠎ᠠ ᠊ᠢᠢᠨ ᠬᠠᠮᠲᠤᠷᠠᠭᠰᠠᠨ ᠮᠡᠷᠭᠡᠵᠢᠯ ᠤᠨ ᠪᠠᠭ ᠮᠡᠳᠡᠭᠡᠯᠡᠯ ᠤᠨ ᠲᠧᠭᠨᠣᠯᠣᠭᠢ ᠊ᠢᠢᠨ ᠴᠢᠭᠯᠡᠯ ᠊ᠢᠢᠡᠷ ᠣᠯᠠᠨ ᠲᠠᠯᠠᠲᠤ ᠴᠣᠭᠴᠠ ᠠᠷᠭ᠎ᠠ ᠬᠡᠮᠵᠢᠶ᠎ᠡ ᠊ᠢᠢ ᠬᠡᠷᠡᠭᠵᠢᠭᠦᠯᠦᠨ ᠠᠵᠢᠯᠯᠠᠵᠤ ᠪᠠᠶᠢᠨ᠎ᠠ᠃

ᠴᠠᠬᠢᠮ ᠬᠥᠭᠵᠢᠯ ᠤᠨ ᠡᠳᠦᠷᠯᠢᠭ ᠤᠨ ᠬᠦᠷᠢᠶᠡᠨ ᠊ᠳᠦ᠄

✅ᠠᠶᠢᠮᠠᠭ ᠤᠨ ᠽᠠ᠊ᠳᠠ᠊ ᠲᠠ᠊ ᠭᠠ᠊- ᠍ᠤᠨ ᠤᠳᠤᠷᠢᠳᠬᠤ ᠠᠯᠪᠠᠨ ᠲᠤᠰᠢᠶᠠᠯᠲᠠᠨ᠂ ᠲᠥᠷᠥ ᠊ᠢᠢᠨ ᠪᠣᠯᠤᠨ ᠬᠤᠪ ᠤᠨ ᠬᠡᠪᠰᠢᠯ ᠤᠨ ᠪᠠᠶᠢᠭᠤᠯᠤᠯᠭ᠎ᠠ ᠊ᠢᠢᠨ ᠤᠳᠤᠷᠢᠳᠤᠯᠭ᠎ᠠ ᠨᠤᠭᠤᠳ ᠲᠤ ᠵᠣᠷᠢᠭᠤᠯᠤᠭᠰᠠᠨ ᠼᠠ᠊ ᠬᠥ᠊ ᠬᠠ᠊ ᠬᠣ᠊ ᠶᠠ-ᠡᠴᠠ ᠪᠦᠰᠡᠴᠢᠯᠡᠭᠰᠡᠨ ᠬᠥᠭᠵᠢᠯ ᠤᠨ ᠵᠣᠷᠢᠯᠲᠠ ᠊ᠢᠢᠨ ᠬᠦᠷᠢᠶᠡᠨ ᠊ᠳᠦ ᠬᠡᠷᠡᠭᠵᠢᠭᠦᠯᠵᠦ ᠪᠤᠢ ᠵᠣᠷᠢᠯᠲᠠ᠂ ᠪᠣᠳᠣᠯᠭ᠎ᠠ᠂ ᠠᠷᠭ᠎ᠠ ᠬᠡᠮᠵᠢᠶᠡᠨ ᠊ᠤ ᠲᠠᠯᠠᠭᠠᠷᠬᠢ ᠲᠠᠨᠢᠯᠴᠠᠭᠤᠯᠭ᠎ᠠ᠂ ᠮᠡᠳᠡᠭᠡᠯᠡᠯ

✅ᠼᠠ᠊ ᠬᠥ᠊ ᠬᠠ᠊ ᠬᠣ᠊ ᠶᠠ᠊-᠊ᠤ ᠬᠠᠷᠢᠶ᠎ᠠ ᠪᠣᠯᠤᠨ ᠰᠠᠯᠪᠤᠷᠢ ᠪᠠᠶᠢᠭᠤᠯᠤᠯᠭ᠎ᠠ ᠨᠤᠭᠤᠳ ᠤᠨ ᠲᠥᠷᠥ ᠊ᠢᠢᠨ ᠪᠠᠶᠢᠭᠤᠯᠤᠯᠭ᠎ᠠ ᠨᠤᠭᠤᠳ ᠤᠨ ᠦᠢᠯᠡᠴᠢᠯᠡᠭᠡ᠂ ᠦᠢᠯᠡ ᠠᠵᠢᠯᠯᠠᠭᠠᠨ ᠊ᠳᠤ ᠰᠢᠨ᠎ᠡ ᠰᠢᠰᠲ᠋ᠧᠮ᠂ ᠦᠢᠯᠡᠴᠢᠯᠡᠭᠡ ᠨᠡᠪᠲᠡᠷᠡᠭᠦᠯᠬᠦ ᠪᠣᠯᠤᠮᠵᠢ ᠊ᠢᠢᠨ ᠲᠠᠯᠠᠭᠠᠷᠬᠢ ᠲᠠᠨᠢᠯᠴᠠᠭᠤᠯᠭ᠎ᠠ᠂ ᠮᠡᠳᠡᠭᠡᠯᠡᠯ

✅ᠢᠷᠭᠡᠳ᠂ ᠣᠯᠠᠨ ᠨᠡᠶᠢᠲᠡ᠂ ᠶᠡᠷᠦᠩᠬᠡᠢ ᠪᠣᠯᠪᠠᠰᠤᠷᠠᠯ ᠤᠨ ᠰᠤᠷᠭᠠᠭᠤᠯᠢ ᠊ᠢᠢᠨ ᠪᠠᠭᠰᠢ᠂ ᠠᠬᠠᠯᠠᠬᠤ ᠠᠩᠬᠢ ᠊ᠢᠢᠨ ᠰᠤᠷᠤᠭᠴᠢᠳ ᠲᠤ ᠵᠣᠷᠢᠭᠤᠯᠤᠭᠰᠠᠨ ᠰᠤᠷᠭᠠᠯᠲᠠ

✅ᠪᠢᠽᠢᠨ᠋ᠧᠰ ᠡᠷᠬᠢᠯᠡᠭᠴᠢ᠂ ᠠᠵᠤ ᠠᠬᠤᠢ ᠨᠢᠭᠡᠴᠡ ᠨᠦᠭᠦᠳ ᠲᠦ ᠵᠣᠷᠢᠭᠤᠯᠤᠭᠰᠠᠨ ᠮᠣᠩᠭᠣᠯ ᠤᠨ ᠫᠷᠣᠭᠷᠠᠮ ᠬᠠᠩᠭᠠᠮᠵᠢ ᠦᠢᠯᠡᠳᠪᠦᠷᠢᠯᠡᠭᠴᠢᠳ ᠤᠨ ᠬᠣᠯᠪᠣᠭᠠᠨ ᠊ᠤ ᠭᠡᠰᠢᠭᠦᠨ ᠑᠖ ᠪᠠᠶᠢᠭᠤᠯᠤᠯᠭ᠎ᠠ ᠊ᠢᠢᠨ ᠪᠦᠲᠦᠭᠡᠭᠳᠡᠬᠦᠨ ᠦᠢᠯᠡᠴᠢᠯᠡᠭᠡ᠂ ᠦᠵᠡᠰᠬᠦᠯᠡᠩ᠂ ᠬᠤᠳᠠᠯᠳᠤᠭ᠎ᠠ᠂ ᠵᠥᠪᠯᠡᠭᠡ᠂ ᠮᠡᠳᠡᠭᠡᠯᠡᠯ

✅ᠲᠥᠷᠥ ᠊ᠢᠢᠨ ᠠᠯᠪᠠᠨ ᠬᠠᠭᠠᠭᠴᠢᠳ ᠲᠤ ᠵᠣᠷᠢᠭᠤᠯᠤᠭᠰᠠᠨ ᠲᠥᠷᠥ ᠊ᠢᠢᠨ ᠴᠠᠬᠢᠮ ᠦᠢᠯᠡᠴᠢᠯᠡᠭᠡ᠂ ᠴᠠᠬᠢᠮ ᠤᠷ᠎ᠠ ᠴᠢᠳᠠᠪᠤᠷᠢ ᠊ᠢᠢᠨ ᠰᠤᠷᠭᠠᠯᠲᠠ᠂ ᠬᠢᠴᠢᠶᠡᠯ ᠤᠳ ᠨᠢᠭᠡᠨ ᠵᠡᠷᠭᠡ ᠵᠣᠬᠢᠶᠠᠨ ᠪᠠᠶᠢᠭᠤᠯᠤᠭᠳᠠᠯ᠎ᠠ᠃

ᠣᠷᠬᠣᠨ ᠠᠶᠢᠮᠠᠭ ᠑᠐᠖ ᠮᠢᠩᠭ᠎ᠠ ᠭᠠᠷᠤᠢ ᠬᠦᠮᠦᠨ ᠠᠮᠠ ᠲᠠᠢ᠃ ᠪᠦᠬᠦ ᠰᠤᠮᠤ ᠊ᠳᠤ ᠰᠢᠯᠢᠨ ᠺᠠᠪᠧᠯ ᠊ᠳᠦ ᠬᠣᠯᠪᠣᠭᠳᠠᠭᠰᠠᠨ᠃ ᠡᠳ᠋ ᠍᠊ᠢᠢᠨ ᠵᠠᠰᠠᠭ ᠤᠨ ᠲᠡᠷᠢᠭᠦᠯᠡᠬᠦ ᠰᠠᠯᠪᠤᠷᠢ ᠠᠵᠤ ᠦᠢᠯᠡᠳᠪᠦᠷᠢ᠃ ᠒᠒ ᠪᠠᠭ ᠤᠨ ᠓ ᠨᠢ ᠔G ᠰᠦᠯᠵᠢᠶᠡᠨ ᠊ᠳᠦ᠂ ᠑᠙ ᠪᠠᠭ ᠓G ᠰᠦᠯᠵᠢᠶᠡᠨ ᠊ᠳᠦ ᠬᠣᠯᠪᠣᠭᠳᠠᠭᠰᠠᠨ᠃ ᠲᠥᠷᠥ ᠊ᠢᠢᠨ ᠦᠢᠯᠡᠴᠢᠯᠡᠭᠡᠨ ᠊ᠤ ᠨᠢᠭᠡᠳᠦᠭᠰᠡᠨ ᠰᠢᠰᠲ᠋ᠧᠮ (ᠢ-ᠮᠣᠩᠭᠣᠯ) ᠍ ᠊ᠳᠦ ᠗᠔ ᠦᠢᠯᠡᠴᠢᠯᠡᠭᠡ ᠊ᠢᠢ ᠬᠣᠯᠪᠣᠭᠰᠠᠨ᠃ ᠲᠥᠷᠥ ᠊ᠢᠢᠨ ᠴᠠᠬᠢᠮ ᠦᠢᠯᠡᠴᠢᠯᠡᠭᠡᠨ ᠊ᠤ 《ᠬᠤᠷᠳᠤᠨ》 ᠴᠡᠭ ᠊ᠢᠢᠡᠷ ᠥᠨᠥᠳᠥᠷ ᠤᠨ ᠪᠠᠶᠢᠳᠠᠯ ᠊ᠢᠢᠠᠷ ᠔᠑ ᠮᠢᠩᠭ᠎ᠠ ᠭᠠᠷᠤᠢ ᠢᠷᠭᠡᠨ ᠊ᠳᠦ ᠲᠥᠷᠥ ᠊ᠢᠢᠨ ᠦᠢᠯᠡᠴᠢᠯᠡᠭᠡ ᠊ᠢᠢ ᠬᠠᠮᠢᠭ᠎ᠠ ᠡᠴᠠ ᠴᠤ ᠣᠶᠢᠷ᠎ᠠ ᠬᠦᠷᠭᠡᠨ ᠠᠵᠢᠯᠯᠠᠵᠤ ᠪᠠᠶᠢᠨ᠎ᠠ᠃ ᠠᠶᠢᠮᠠᠭ ᠤᠨ ᠬᠡᠮᠵᠢᠶᠡᠨ ᠊ᠳᠦ ᠙.᠐᠒᠕ ᠢᠷᠭᠡᠨ ᠪᠤᠶᠤ ᠓᠗.᠗% ᠨᠢ ᠲᠣᠭᠠᠨ ᠭᠠᠷ ᠤᠨ ᠦᠰᠦᠭ ᠲᠡᠢ ᠪᠣᠯᠤᠭᠰᠠᠨ ᠪᠠᠶᠢᠨ᠎ᠠ᠃

《ᠴᠠᠬᠢᠮ ᠊ᠳᠤ ᠬᠡᠪᠰᠢᠶ᠎ᠡ》 ᠠᠷᠭ᠎ᠠ ᠬᠡᠮᠵᠢᠶ᠎ᠡ ᠊ᠢᠢ ᠒᠑ ᠠᠶᠢᠮᠠᠭ ᠲᠤ ᠵᠣᠬᠢᠶᠠᠨ ᠪᠠᠶᠢᠭᠤᠯᠤᠭᠰᠠᠨ ᠊ᠢᠢᠠᠷ ᠴᠠᠬᠢᠮ ᠰᠢᠯᠵᠢᠯᠲᠡ ᠊ᠳᠦ ᠲᠤᠯᠭᠠᠮᠳᠠᠵᠤ ᠪᠤᠢ ᠨᠡᠶᠢᠲᠡᠯᠢᠭ ᠠᠰᠠᠭᠤᠳᠠᠯ ᠊ᠳᠤ ᠰᠢᠢᠳᠦᠯ᠂ ᠰᠠᠨᠠᠯ ᠪᠣᠯᠭᠠᠬᠤ᠂ ᠴᠠᠬᠢᠮ ᠠᠶᠢᠮᠠᠭ ᠪᠣᠳᠣᠯᠭ᠎ᠠ ᠊ᠢᠢᠨ ᠵᠥᠪᠯᠡᠮᠵᠢ ᠊ᠢᠢ ᠬᠡᠷᠡᠭᠵᠢᠭᠦᠯᠬᠦ᠂ ᠢᠷᠭᠡᠳ ᠤᠨ ᠴᠠᠬᠢᠮ ᠤᠷ᠎ᠠ ᠴᠢᠳᠠᠪᠤᠷᠢ ᠊ᠢᠢ ᠳᠡᠭᠡᠭᠰᠢᠯᠡᠭᠦᠯᠬᠦ᠂ ᠮᠡᠳᠡᠭᠡᠯᠡᠯ ᠤᠨ ᠲᠧᠭᠨᠣᠯᠣᠭᠢ ᠊ᠢᠢᠨ ᠦᠨᠳᠦᠰᠦᠨ ᠊ᠤ ᠺᠣᠮᠫᠠᠨᠢ ᠊ᠢᠢᠨ ᠬᠥᠭᠵᠢᠭᠦᠯᠵᠦ ᠪᠠᠶᠢᠭ᠎ᠠ ᠫᠷᠣᠭᠷᠠᠮ ᠬᠠᠩᠭᠠᠮᠵᠢ ᠪᠦᠲᠦᠭᠡᠭᠳᠡᠬᠦᠨ ᠊ᠢ ᠰᠤᠷᠲᠠᠯᠴᠢᠯᠠᠨ ᠲᠠᠨᠢᠭᠤᠯᠵᠤ᠂ ᠲᠥᠷᠦ᠂ ᠬᠤᠪ ᠤᠨ ᠬᠡᠪᠰᠢᠯ ᠤᠨ ᠲᠦᠩᠰᠢᠯᠡᠯ ᠊ᠢ ᠰᠠᠶᠢᠵᠢᠷᠠᠭᠤᠯᠬᠤ ᠨᠥᠬᠥᠴᠡᠯ ᠪᠦᠷ ᠲᠦ ᠬᠢ ᠶᠤᠮ᠃

ᠨᠡᠶᠢᠲᠡᠯᠡᠭᠰᠡᠨ᠄