ᠪᠦᠭᠦᠳᠡ ᠨᠠᠶᠢᠷᠠᠮᠳᠠᠬᠤ ᠬᠠᠰᠠᠭᠰᠲ᠋ᠠᠨ ᠤᠯᠤᠰ ᠤᠨ 《ᠦᠨᠳᠦᠰᠦᠨ ᠊ᠤ ᠮᠡᠳᠡᠭᠡᠯᠡᠯ ᠤᠨ ᠲᠧᠭᠨᠣᠯᠣᠭᠢ》 ᠬ᠊ ᠺ᠊ ᠍ ᠲᠠᠢ ᠮᠡᠳᠡᠭᠡᠯᠡᠯ ᠬᠠᠷᠢᠯᠴᠠᠭ᠎ᠠ᠂ ᠬᠣᠯᠪᠣᠭᠠᠨ ᠊ᠤ ᠲᠧᠭᠨᠣᠯᠣᠭᠢ ᠊ᠢᠢᠨ ᠰᠠᠯᠪᠤᠷᠢ ᠊ᠳᠤ ᠬᠠᠮᠲᠤᠷᠠᠨ ᠠᠵᠢᠯᠯᠠᠬᠤ ᠰᠠᠨᠠᠮᠵᠢ ᠪᠢᠴᠢᠭ ᠪᠠᠶᠢᠭᠤᠯᠤᠯ᠎ᠠ


ᠴᠠᠬᠢᠮ ᠬᠥᠭᠵᠢᠯ᠂ ᠬᠠᠷᠢᠯᠴᠠᠭᠠᠨ ᠠ ᠬᠣᠯᠪᠣᠭᠠᠨ ᠊ᠤ ᠰᠠᠶᠢᠳ ᠨ ∙ ᠤᠴᠠᠷᠠᠯ ᠤᠨ ᠤᠷᠢᠯᠭ᠎ᠠ ᠪᠠᠷ ᠪᠦᠭᠦᠳᠡ ᠨᠠᠶᠢᠷᠠᠮᠳᠠᠬᠤ ᠬᠠᠰᠠᠭᠰᠲ᠋ᠠᠨ ᠤᠯᠤᠰ ᠤᠨ ᠴᠠᠬᠢᠮ ᠬᠥᠭᠵᠢᠯ᠂ ᠢᠨᠨᠣᠸᠠᠼ᠂ ᠰᠠᠨᠰᠠᠷ ᠤᠨ ᠠᠵᠤ ᠦᠢᠯᠡᠳᠪᠦᠷᠢ ᠊ᠢᠢᠨ ᠲᠡᠷᠢᠭᠦᠨ ᠳᠡᠳ᠋ ᠰᠠᠶᠢᠳ ᠲᠤᠯᠧᠤᠰᠢᠩ ᠺᠠ ᠤᠰ ᠲᠡᠷᠢᠭᠦᠲᠡᠢ ᠲᠥᠯᠦᠭᠡᠯᠡᠭᠴᠢᠳ ᠮᠣᠩᠭᠣᠯ ᠤᠯᠤᠰ ᠲᠤ ᠒᠐᠒᠔ ᠣᠨ ᠊ᠤ ᠔ ᠳ᠋ᠦ᠋ᠭᠡᠷ ᠰᠠᠷ᠎ᠠ ᠊ᠢᠢᠨ ᠒᠙ ᠍ ᠡᠴᠡ ᠕ ᠳ᠋ᠤᠭᠠᠷ ᠰᠠᠷ᠎ᠠ ᠊ᠢᠢᠨ ᠐᠒ ᠍ ᠊ᠤ ᠬᠣᠭᠣᠷᠣᠨᠳᠣ ᠠᠵᠢᠯ ᠤᠨ ᠠᠶᠢᠯᠴᠢᠯᠠᠯ ᠬᠢᠵᠦ ᠪᠠᠶᠢᠨ᠎ᠠ᠃

ᠠᠶᠢᠯᠴᠢᠯᠠᠯ ᠤᠨ ᠬᠦᠷᠢᠶᠡᠨ ᠊ᠳᠦ ᠴᠠᠬᠢᠮ ᠬᠥᠭᠵᠢᠯ᠂ ᠬᠠᠷᠢᠯᠴᠠᠭ᠎ᠠ ᠬᠣᠯᠪᠣᠭᠠᠨ ᠊ᠤ ᠰᠠᠶᠢᠳ ᠨ ∙ ᠤᠴᠠᠷᠠᠯ ᠪᠦᠭᠦᠳᠡ ᠨᠠᠶᠢᠷᠠᠮᠳᠠᠬᠤ ᠬᠠᠰᠠᠭᠰᠲ᠋ᠠᠨ ᠤᠯᠤᠰ ᠤᠨ ᠴᠠᠬᠢᠮ ᠬᠥᠭᠵᠢᠯ᠂ ᠢᠨᠨᠣᠸᠠᠼ᠂ ᠰᠠᠨᠰᠠᠷ ᠤᠨ ᠠᠵᠤ ᠦᠢᠯᠡᠳᠪᠦᠷᠢ ᠊ᠢᠢᠨ ᠲᠡᠷᠢᠭᠦᠨ ᠳᠡᠳ᠋ ᠰᠠᠶᠢᠳ ᠲᠤᠯᠧᠤᠰᠢᠩ ᠺᠠ ᠤᠰᠢ ᠊ᠢᠢ ᠥᠨᠥᠳᠥᠷ /᠒᠐᠒᠔.᠐᠔.᠓᠐/ ᠬᠦᠯᠢᠶᠡᠨ ᠠᠪᠴᠤ ᠠᠭᠤᠯᠵᠠᠨ᠂ ᠬᠣᠶᠠᠷ ᠣᠷᠣᠨ ᠊ᠤ ᠴᠠᠬᠢᠮ ᠵᠠᠰᠠᠭᠯᠠᠯ᠂ ᠮᠡᠳᠡᠭᠡᠯᠡᠯ ᠊ᠤᠨ ᠲᠧᠭᠨᠣᠯᠣᠭᠢ᠂ ᠰᠠᠨᠰᠠᠷ ᠤᠨ ᠲᠧᠭᠨᠣᠯᠣᠭᠢ ᠵᠡᠷᠭᠡ ᠰᠠᠯᠪᠤᠷᠢ ᠬᠣᠭᠣᠷᠣᠨᠳᠣ ᠊ᠢᠢᠨ ᠬᠠᠮᠲᠤ ᠊ᠢᠢᠨ ᠠᠵᠢᠯᠯᠠᠭ᠎ᠠ ᠊ᠢᠢ ᠥᠷᠭᠡᠵᠢᠭᠦᠯᠦᠨ ᠬᠥᠭᠵᠢᠭᠦᠯᠬᠦ ᠪᠣᠯᠤᠮᠵᠢ ᠊ᠢᠢᠨ ᠲᠠᠯ᠎ᠠ ᠪᠠᠷ ᠰᠠᠨᠠᠯ ᠰᠣᠯᠢᠯᠴᠠᠯ᠎ᠠ᠃

ᠠᠭᠤᠯᠵᠠᠯᠲᠠ ᠊ᠢᠢᠨ ᠳᠠᠷᠠᠭ᠎ᠠ ᠵᠠᠰᠠᠭ ᠤᠨ ᠭᠠᠵᠠᠷ ᠤᠨ ᠬᠡᠷᠡᠭᠵᠢᠭᠦᠯᠦᠭᠴᠢ ᠠᠭᠧᠨᠲᠯᠢᠭ ᠲᠥᠷᠥ ᠊ᠢᠢᠨ ᠴᠠᠬᠢᠮ ᠦᠢᠯᠡᠴᠢᠯᠡᠭᠡᠨ ᠊ᠤ ᠵᠣᠬᠢᠴᠠᠭᠤᠯᠤᠯᠲᠠ ᠊ᠢᠢᠨ ᠭᠠᠵᠠᠷ ᠪᠣᠯᠤᠨ ᠬᠠᠰᠠᠭᠰᠲ᠋ᠠᠨ ᠊ᠤ ᠦᠨᠳᠦᠰᠦᠨ ᠊ᠤ ᠮᠡᠳᠡᠭᠡᠯᠡᠯ ᠤᠨ ᠲᠧᠭᠨᠣᠯᠣᠭᠢ ᠊ᠢᠢᠨ ᠬᠤᠪᠢᠴᠠᠭᠠᠲᠤ ᠺᠣᠮᠫᠠᠨᠢ ᠬᠣᠭᠣᠷᠣᠨᠳᠣ 《ᠬᠠᠷᠢᠯᠴᠠᠭ᠎ᠠ ᠬᠣᠯᠪᠣᠭᠠᠨ ᠊ᠤ ᠲᠧᠭᠨᠣᠯᠣᠭᠢ ᠊ᠢᠢᠨ ᠰᠠᠯᠪᠤᠷᠢ ᠊ᠳᠤ ᠬᠠᠮᠲᠤᠷᠠᠨ ᠠᠵᠢᠯᠯᠠᠬᠤ ᠬᠠᠷᠢᠯᠴᠠᠨ ᠣᠶᠢᠯᠠᠭᠠᠯᠴᠠᠯ ᠤᠨ ᠰᠠᠨᠠᠮᠵᠢ ᠪᠢᠴᠢᠭ》 ᠪᠠᠶᠢᠭᠤᠯᠪᠠ᠃

ᠰᠠᠨᠠᠮᠵᠢ ᠪᠢᠴᠢᠭ ᠦᠨ ᠬᠦᠷᠢᠶᠡᠨ ᠊ᠳᠦ᠄

• ᠲᠥᠷᠦ ᠊ᠢᠢᠨ ᠴᠠᠬᠢᠮ ᠦᠢᠯᠡᠴᠢᠯᠡᠭᠡᠨ ᠊ᠤ ᠴᠢᠨᠠᠷ᠂ ᠬᠦᠷᠲᠡᠭᠡᠮᠵᠢ ᠊ᠢᠢ ᠨᠡᠮᠡᠭᠳᠡᠭᠦᠯᠬᠦ᠂ ᠦᠢᠯᠡ ᠠᠵᠢᠯᠯᠠᠭ᠎ᠠ ᠊ᠢᠢ ᠰᠠᠶᠢᠵᠢᠷᠠᠭᠤᠯᠬᠤ ᠴᠢᠭᠯᠡᠯ ᠊ᠢᠢᠡᠷ ᠬᠠᠮᠲᠤ ᠊ᠢᠢᠨ ᠠᠵᠢᠯᠯᠠᠭ᠎ᠠ ᠊ᠢᠢ ᠥᠷᠭᠡᠵᠢᠭᠦᠯᠬᠦ᠂ ᠵᠥᠪᠯᠡᠬᠦ ᠦᠢᠯᠡᠴᠢᠯᠡᠭᠡ ᠦᠵᠡᠭᠦᠯᠬᠦ;

• ᠪᠦᠬᠦ ᠨᠡᠶᠢᠲᠡ ᠊ᠢᠢᠨ ᠴᠠᠬᠢᠮ ᠤᠷ᠎ᠠ ᠴᠢᠳᠠᠪᠤᠷᠢ ᠊ᠢᠢ ᠳᠡᠭᠡᠭᠰᠢᠯᠡᠭᠦᠯᠬᠦ ᠴᠢᠭᠯᠡᠯ ᠊ᠢᠢᠡᠷ ᠳᠡᠪᠰᠢᠯᠲᠡ ᠊ᠳᠦ ᠲᠧᠭᠨᠣᠯᠣᠭᠢ ᠊ᠢᠢᠨ ᠲᠤᠷᠰᠢᠯᠭ᠎ᠠ ᠰᠤᠯᠢᠯᠴᠠᠬᠤ᠂ ᠰᠤᠷᠭᠠᠯᠲᠠ ᠊ᠢᠢᠨ ᠬᠥᠲᠥᠯᠪᠦᠷᠢ ᠪᠣᠯᠤᠨ ᠴᠢᠳᠠᠪᠬ᠎ᠠ ᠊ᠢᠢ ᠪᠡᠬᠢᠵᠢᠭᠦᠯᠬᠦ ᠰᠠᠨᠠᠭᠠᠴᠢᠯᠠᠭ᠎ᠠ ᠊ᠢᠢ ᠳᠡᠮᠵᠢᠬᠦ;

• ᠮᠡᠳᠡᠭᠡᠯᠡᠯ᠂ ᠬᠠᠷᠢᠯᠴᠠᠭ᠎ᠠ ᠬᠣᠯᠪᠣᠭᠠᠨ ᠊ᠤ ᠲᠧᠭᠨᠣᠯᠣᠭᠢ ᠊ᠢᠢᠨ ᠰᠠᠯᠪᠤᠷᠢ ᠊ᠢᠢᠨ ᠬᠥᠭᠵᠢᠯ ᠤᠨ ᠪᠣᠳᠣᠯᠭ᠎ᠠ᠂ ᠬᠡᠷᠡᠭᠵᠢᠯᠲᠡ ᠊ᠢᠢ ᠬᠠᠩᠭᠠᠬᠤ;

• ᠮᠡᠳᠡᠭᠡᠯᠡᠯ ᠤᠨ ᠳᠡᠳ᠋ ᠪᠦᠲᠦᠴᠡ ᠊ᠢᠢᠨ ᠦᠢᠯᠡ ᠠᠵᠢᠯᠯᠠᠭ᠎ᠠ ᠊ᠢᠢ ᠣᠨᠣᠪᠴᠢᠯᠠᠬᠤ᠂ ᠵᠣᠬᠢᠶᠠᠨ ᠪᠠᠶᠢᠭᠤᠯᠬᠤ ᠶᠤᠮ᠃

ᠠᠶᠢᠯᠴᠢᠯᠠᠯ ᠤᠨ ᠦᠶ᠎ᠡ ᠪᠡᠷ ᠬᠣᠶᠠᠷ ᠣᠷᠣᠨ ᠊ᠤ ᠬᠣᠭᠣᠷᠣᠨᠳᠣ ᠴᠠᠬᠢᠮ ᠰᠠᠯᠪᠤᠷᠢ ᠊ᠢᠢᠨ ᠲᠤᠷᠰᠢᠯᠭ᠎ᠠ ᠰᠣᠯᠢᠯᠴᠠᠬᠤ᠂ ᠬᠠᠮᠲᠤ ᠊ᠢᠢᠨ ᠠᠵᠢᠯᠯᠠᠭᠠᠨ ᠊ᠤ ᠬᠠᠮᠲᠤᠷᠠᠭᠰᠠᠨ ᠲᠥᠯᠦᠪᠯᠡᠭᠡ ᠬᠡᠷᠡᠭᠵᠢᠭᠦᠯᠵᠦ ᠠᠵᠢᠯᠯᠠᠬᠤ ᠠᠰᠠᠭᠤᠳᠠᠯ ᠊ᠢᠢᠠᠷ ᠰᠠᠨᠠᠯ ᠰᠣᠯᠢᠯᠴᠠᠬᠤ ᠥᠷᠭᠡᠳᠬᠡᠭᠰᠡᠨ ᠠᠭᠤᠯᠵᠠᠯᠲᠠ᠂ ᠬᠤᠪ ᠤᠨ ᠬᠡᠪᠰᠢᠯ ᠤᠨ ᠪᠠᠶᠢᠭᠤᠯᠤᠯᠭ᠎ᠠ ᠨᠤᠭᠤᠳ ᠬᠣᠭᠣᠷᠣᠨᠳᠣ ᠬᠡᠯᠬᠢᠶ᠎ᠡ ᠬᠣᠯᠪᠣᠭ᠎ᠠ ᠲᠣᠭᠲᠠᠭᠠᠬᠤ᠂ ᠬᠠᠮᠲᠤ ᠊ᠢᠢᠨ ᠠᠵᠢᠯᠯᠠᠭ᠎ᠠ ᠊ᠢᠢ ᠢᠳᠡᠪᠬᠢᠵᠢᠭᠦᠯᠬᠦ 《B᠒B》 ᠠᠭᠤᠯᠵᠠᠯᠲᠠ᠂ ᠲᠥᠷᠦ ᠊ᠢᠢᠨ ᠦᠢᠯᠡᠴᠢᠯᠡᠭᠡᠨ ᠊ᠤ 《ᠬᠤᠷ᠎ᠠ》᠂ 《ᠳᠠᠩ》 ᠰᠢᠰᠲ᠋ᠧᠮ ᠪᠣᠯᠤᠨ ᠨᠢᠭᠡ ᠴᠡᠭ ᠤᠨ ᠦᠢᠯᠡᠴᠢᠯᠡᠭᠡᠨ ᠊ᠤ ᠲᠥᠪ ᠡᠤᠳ ᠲᠡᠢ ᠲᠠᠨᠢᠯᠴᠠᠬᠤ ᠵᠡᠷᠭᠡ ᠠᠷᠭ᠎ᠠ ᠬᠡᠮᠵᠢᠶ᠎ᠡ ᠊ᠢᠢ ᠵᠣᠬᠢᠶᠠᠨ ᠪᠠᠶᠢᠭᠤᠯᠬᠤ ᠶᠤᠮ᠃

ᠨᠡᠶᠢᠲᠡᠯᠡᠭᠰᠡᠨ᠄