《ᠴᠠᠬᠢᠮ ᠊ᠳᠤ ᠬᠡᠪᠰᠢᠶ ᠎ᠡ》 ᠠᠷᠭ᠎ᠠ ᠬᠡᠮᠵᠢᠶ᠎ ᠡ ᠰᠡᠯᠡᠩᠭᠡ ᠠᠶᠢᠮᠠᠭ ᠲᠤ ᠬᠡᠷᠡᠭᠵᠢᠵᠦ ᠪᠠᠶᠢᠨ᠎ᠠ


ᠣᠷᠣᠨ ᠨᠤᠲᠤᠭ ᠳᠠᠬᠢ ᠴᠠᠬᠢᠮ ᠰᠢᠯᠵᠢᠯᠲᠡ ᠊ᠢᠢ ᠡᠷᠴᠢᠮᠵᠢᠭᠦᠯᠬᠦ᠂ ᠪᠦᠰᠡᠴᠢᠯᠡᠭᠰᠡᠨ ᠬᠥᠭᠵᠢᠯ ᠤᠨ ᠵᠣᠷᠢᠯᠲᠠᠳ ᠨᠡᠶᠢᠴᠡᠭᠦᠯᠦᠨ᠂ ᠼᠠᠠ᠊ ᠬᠥ᠊ ᠬᠠ᠊ ᠬᠣ᠊ ᠶᠠ᠊ ᠍-ᠡᠴᠠ ᠪᠠᠲᠤᠯᠠᠭᠰᠠᠨ 《ᠴᠠᠬᠢᠮ ᠠᠶᠢᠮᠠᠭ》 ᠪᠣᠳᠣᠯᠭ᠎ᠠ ᠊ᠢᠢᠨ ᠵᠥᠪᠯᠡᠮᠵᠢ ᠊ᠢᠢᠨ ᠬᠡᠷᠡᠭᠵᠢᠯᠲᠡ ᠊ᠢᠢ ᠬᠠᠩᠭᠠᠬᠤ ᠵᠣᠷᠢᠯᠭ᠎ᠠ ᠪᠦᠬᠦᠢ ᠮᠡᠳᠡᠭᠡᠯᠡᠯ ᠲᠧᠭᠨᠣᠯᠣᠭᠢ ᠊ᠢᠢᠨ ᠨᠢᠭᠡᠳᠦᠭᠰᠡᠨ ᠠᠷᠭ᠎ᠠ ᠬᠡᠮᠵᠢᠶ᠎ᠡ 《ᠴᠠᠬᠢᠮ ᠊ᠳᠤ ᠬᠡᠪᠰᠢᠶ᠎ᠡ》 ᠠᠶᠠᠨ ᠊ᠤ ᠠᠵᠢᠯ ᠤᠨ ᠬᠡᠰᠡᠭ ᠤᠨ ᠠᠬᠠᠯᠠᠭᠴᠢ ᠪᠠᠷ ᠼᠠ᠊ ᠬᠥ᠊ ᠬᠠ᠊ ᠬᠣ᠊- ᠊ᠤ ᠳᠡᠳ᠋ ᠰᠠᠶᠢᠳ ᠵ ∙ ᠡᠷᠬᠢᠮᠪᠠᠭᠠᠲᠤᠷ ᠠᠵᠢᠯᠯᠠᠵᠤ ᠪᠠᠶᠢᠨ᠎ᠠ᠃

ᠠᠷᠭ᠎ᠠ ᠬᠡᠮᠵᠢᠶᠡᠨ ᠊ᠤ ᠬᠦᠷᠢᠶᠡᠨ ᠊ᠳᠦ ᠠᠵᠢᠯ ᠤᠨ ᠬᠡᠰᠡᠭ ᠤᠨ ᠪᠦᠷᠢᠯᠳᠦᠬᠦᠨ ᠰᠡᠯᠡᠩᠭᠡ ᠠᠶᠢᠮᠠᠭ ᠤᠨ ᠤᠳᠤᠷᠢᠳᠤᠯᠭ᠎ᠠ ᠨᠤᠭᠤᠳ ᠪᠣᠯᠤᠨ ᠲᠥᠷᠦ ᠊ᠢᠢᠨ ᠠᠯᠪᠠᠨ ᠬᠠᠭᠠᠭᠴᠢᠳ᠂ ᠮᠡᠳᠡᠭᠡᠯᠡᠯ ᠤᠨ ᠲᠧᠭᠨᠣᠯᠣᠭᠢ ᠊ᠢᠢᠨ ᠮᠡᠷᠭᠡᠵᠢᠯᠲᠡᠨ ᠨᠦᠭᠦᠳ ᠲᠦ ᠴᠠᠬᠢᠮ ᠬᠥᠭᠵᠢᠯ᠂ ᠬᠠᠷᠢᠯᠴᠠᠭ᠎ᠠ ᠬᠣᠯᠪᠣᠭᠠᠨ ᠊ᠤ ᠶᠠᠮᠤ ᠪᠣᠯᠤᠨ ᠬᠠᠷᠢᠶ᠎ᠠ᠂ ᠰᠠᠯᠪᠤᠷᠢ ᠪᠠᠶᠢᠭᠤᠯᠤᠯᠭ᠎ᠠ ᠨᠤᠭᠤᠳ᠂ ᠮᠣᠩᠭᠣᠯ ᠤᠨ ᠫᠷᠣᠭᠷᠠᠮ ᠬᠠᠩᠭᠠᠮᠵᠢ ᠦᠢᠯᠡᠳᠪᠦᠷᠢᠯᠡᠭᠴᠢᠳ ᠤᠨ ᠬᠣᠯᠪᠣᠭᠠᠨ ᠡᠴᠠ ᠨᠢᠭᠡᠳᠦᠭᠰᠡᠨ ᠬᠤᠷᠠᠯ᠂ ᠠᠭᠤᠯᠵᠠᠯᠲᠠ ᠊ᠢᠢ ᠵᠣᠬᠢᠶᠠᠨ ᠪᠠᠶᠢᠭᠤᠯᠵᠤ᠂ ᠠᠶᠢᠮᠠᠭ᠂ ᠣᠷᠣᠨ ᠨᠤᠲᠤᠭ ᠳ᠋ᠠᠬᠢ ᠴᠠᠬᠢᠮ ᠰᠢᠯᠵᠢᠯᠲᠡ ᠶᠠᠮᠠᠷ ᠲᠦᠪᠰᠢᠨ ᠊ᠳᠦ ᠪᠠᠶᠢᠭ᠎ᠠ ᠊ᠢᠢ ᠦᠨᠡᠯᠡᠵᠦ ᠳ᠋ᠦᠩᠨᠡᠬᠦ ᠊ᠢᠢᠨ ᠵᠡᠷᠭᠡᠴᠡᠭᠡ ᠵᠥᠪᠯᠡᠮᠵᠢ᠂ ᠮᠡᠳᠡᠭᠡᠯᠡᠯ ᠊ᠢ ᠥᠭᠴᠦ᠂ ᠵᠥᠪᠯᠡᠨ ᠲᠤᠰᠠᠯᠠᠬᠤ ᠦᠢᠯᠡᠴᠢᠯᠡᠭᠡ ᠦᠵᠡᠭᠦᠯᠵᠦ ᠠᠵᠢᠯᠯᠠᠯ᠎ᠠ᠃

ᠰᠡᠯᠡᠩᠭᠡ ᠠᠶᠢᠮᠠᠭ ᠑᠐᠗ ᠮᠢᠩᠭ᠎ᠠ ᠭᠠᠷᠤᠢ ᠬᠦᠮᠦᠨ ᠠᠮᠠ ᠲᠠᠢ᠃ ᠪᠦᠬᠦ ᠰᠤᠮᠤ ᠊ᠳᠤ ᠰᠢᠯᠢᠨ ᠺᠠᠪᠧᠯ ᠊ᠳᠦ ᠬᠣᠯᠪᠣᠭᠳᠠᠭᠰᠠᠨ᠃ ᠨᠡᠶᠢᠲᠡ ᠔᠙ ᠪᠠᠭ ᠪᠠᠶᠢᠳᠠᠭ ᠡᠴᠠ ᠒᠔ ᠨᠢ ᠔G ᠰᠦᠯᠵᠢᠶᠡᠨ ᠊ᠳᠦ᠂ ᠒᠕ ᠪᠠᠭ ᠨᠢ ᠓G ᠰᠦᠯᠵᠢᠶᠡᠨ ᠊ᠳᠦ ᠬᠣᠯᠪᠣᠭᠳᠠᠭᠰᠠᠨ᠃ ᠡᠳ᠋ ᠍ ᠊ᠢᠢᠨ ᠵᠠᠰᠠᠭ ᠤᠨ ᠲᠡᠷᠢᠭᠦᠯᠡᠬᠦ ᠰᠠᠯᠪᠤᠷᠢ ᠬᠥᠳᠡᠭᠡ ᠠᠵᠤ ᠠᠬᠤᠢ᠂ ᠭᠠᠵᠠᠷ ᠲᠠᠷᠢᠶᠠᠯᠠᠩ᠃ ᠲᠥᠷᠥ ᠊ᠢᠢᠨ ᠦᠢᠯᠡᠴᠢᠯᠡᠭᠡᠨ ᠊ᠤ ᠨᠢᠭᠡᠳᠦᠭᠰᠡᠨ ᠰᠢᠰᠲ᠋ᠧᠮ (ᠢ-ᠮᠣᠩᠭᠣᠯ) ᠍ ᠊ᠳᠦ ᠗᠓ ᠦᠢᠯᠡᠴᠢᠯᠡᠭᠡ ᠊ᠢᠢ ᠬᠣᠯᠪᠣᠭᠰᠠᠨ᠃ ᠒ ᠪᠠᠶᠢᠷᠢᠰᠢᠯ ᠊ᠤ ᠲᠥᠷᠥ ᠊ᠢᠢᠨ ᠴᠠᠬᠢᠮ ᠦᠢᠯᠡᠴᠢᠯᠡᠭᠡᠨ ᠊ᠤ 《ᠬᠤᠷᠳᠤᠨ ᠴᠡᠭ ᠦᠢᠯᠡ ᠠᠵᠢᠯᠯᠠᠭ᠎ᠠ ᠊ᠢᠢ ᠪᠠᠨ ᠶᠠᠪᠤᠭᠤᠯᠵᠤ᠂ ᠥᠨᠥᠳᠥᠷ ᠤᠨ ᠪᠠᠶᠢᠳᠠᠯ ᠊ᠢᠢᠠᠷ ᠕᠐᠐᠐ ᠭᠠᠷᠤᠢ ᠢᠷᠭᠡᠳ ᠲᠦ ᠲᠥᠷᠥ ᠊ᠢᠢᠨ ᠦᠢᠯᠡᠴᠢᠯᠡᠭᠡ ᠊ᠢᠢ ᠬᠠᠮᠢᠭ᠎ᠠ ᠡᠴᠠ ᠴᠤ ᠣᠶᠢᠷ᠎ᠠ ᠬᠦᠷᠭᠡᠨ ᠠᠵᠢᠯᠯᠠᠵᠤ ᠪᠠᠶᠢᠨ᠎ᠠ᠃ ᠠᠶᠢᠮᠠᠭ ᠤᠨ ᠬᠡᠮᠵᠢᠶᠡᠨ ᠊ᠳᠦ ᠒᠗.᠓᠕᠔ ᠢᠷᠭᠡᠨ ᠪᠤᠶᠤ ᠓᠗.᠑% ᠨᠢ ᠲᠣᠭᠠᠨ ᠭᠠᠷ ᠤᠨ ᠦᠰᠦᠭ ᠲᠡᠢ ᠪᠣᠯᠤᠭᠰᠠᠨ ᠪᠠᠶᠢᠨ᠎ᠠ᠃

ᠨᠡᠶᠢᠲᠡᠯᠡᠭᠰᠡᠨ᠄