ᠲᠥᠷᠥ ᠊ᠢᠢᠨ ᠪᠦᠲᠦᠭᠡᠮᠵᠢ ᠊ᠢᠢᠨ ᠰᠡᠷᠭᠦᠯᠲᠡ-ᠴᠠᠬᠢᠮ ᠡᠷᠡᠭᠦᠯ ᠮᠡᠨᠳᠦ ᠰᠤᠷᠭᠠᠯᠲᠠ ᠨᠡᠶᠢᠰᠯᠡᠯ ᠤᠨ ᠙ ᠳᠡᠭᠦᠷᠭᠡ ᠊ᠳᠦ ᠵᠣᠬᠢᠶᠠᠨ ᠪᠠᠶᠢᠭᠤᠯᠤᠭᠳᠠᠨ᠎ᠠ


ᠮᠣᠩᠭᠣᠯ ᠤᠯᠤᠰ ᠤᠨ ᠶᠡᠷᠦᠩᠬᠡᠢ ᠰᠠᠶᠢᠳ ᠤᠨ ᠵᠠᠬᠢᠷᠤᠮᠵᠢ ᠪᠠᠷ ᠡᠷᠡᠭᠦᠯ ᠮᠡᠨᠳᠦ ᠊ᠢᠢᠨ ᠰᠠᠯᠪᠤᠷᠢ ᠊ᠳᠤ ᠴᠠᠬᠢᠮ ᠰᠢᠯᠵᠢᠯᠲᠡ ᠊ᠢᠢ ᠡᠷᠴᠢᠮᠵᠢᠭᠦᠯᠬᠦ ᠠᠵᠢᠯ ᠤᠨ ᠬᠦᠷᠢᠶᠡᠨ ᠊ᠳᠦ ᠰᠢᠰᠲ᠋ᠧᠮ ᠬᠣᠭᠣᠷᠣᠨᠳᠣ ᠮᠡᠳᠡᠭᠡᠯᠡᠯ ᠰᠣᠯᠢᠯᠴᠠᠬᠤ ᠪᠣᠯᠤᠮᠵᠢ ᠊ᠢᠢ ᠪᠦᠷᠢᠳᠦᠭᠦᠯᠬᠦ ᠠᠰᠠᠭᠤᠳᠠᠯ ᠊ᠢ ᠰᠤᠳᠤᠯᠵᠤ ᠰᠠᠨᠠᠯ ᠪᠣᠯᠪᠠᠰᠤᠷᠠᠭᠤᠯᠬᠤ ᠠᠵᠢᠯ ᠤᠨ ᠬᠡᠰᠡᠭ ᠪᠠᠶᠢᠭᠤᠯᠤᠭᠳᠠᠭᠰᠠᠨ᠃ ᠡᠨᠡ ᠬᠦᠷᠢᠶᠡᠨ ᠊ᠳᠦ ᠴᠠᠬᠢᠮ ᠬᠥᠭᠵᠢᠯ᠂ ᠬᠠᠷᠢᠯᠴᠠᠭ᠎ᠠ ᠬᠣᠯᠪᠣᠭᠠᠨ ᠊ᠤ ᠰᠠᠶᠢᠳ ᠤᠨ ᠲᠤᠰᠢᠶᠠᠯ ᠊ᠢᠢᠠᠷ ᠳᠡᠳ᠋ ᠠᠵᠢᠯ ᠤᠨ ᠬᠡᠰᠡᠭ ᠪᠠᠶᠢᠭᠤᠯᠤᠭᠳᠠᠨ ᠠᠵᠢᠯᠯᠠᠵᠤ ᠪᠠᠶᠢᠨ᠎ᠠ᠃

ᠠᠵᠢᠯ ᠤᠨ ᠬᠡᠰᠡᠭ ᠤᠨ ᠬᠦᠷᠢᠶᠡᠨ ᠊ᠳᠦ ᠡᠷᠡᠭᠦᠯ ᠮᠡᠨᠳᠦ ᠊ᠢᠢᠨ ᠰᠠᠯᠪᠤᠷᠢ ᠊ᠳᠤ ᠢᠳᠡᠪᠬᠢᠲᠡᠢ ᠦᠢᠯᠡ ᠠᠵᠢᠯᠯᠠᠭ᠎ᠠ ᠶᠠᠪᠤᠭᠤᠯᠵᠤ ᠪᠤᠢ ᠫᠷᠣᠭᠷᠠᠮ ᠬᠠᠩᠭᠠᠮᠵᠢ ᠦᠢᠯᠡᠳᠪᠦᠷᠢᠯᠡᠭᠴᠢ ᠗ ᠠᠵᠤ ᠠᠬᠤᠢ ᠊ᠢᠢᠨ ᠨᠢᠭᠡᠴᠡ ᠲᠡᠢ ᠬᠠᠮᠲᠤᠷᠠᠨ ᠠᠵᠢᠯᠯᠠᠵᠤ᠂ ᠡᠷᠡᠭᠦᠯ ᠮᠡᠨᠳᠦ ᠊ᠢᠢᠨ ᠲᠥᠷᠦᠯᠵᠢᠭᠰᠡᠨ ᠮᠡᠳᠡᠭᠡᠯᠡᠯ ᠤᠨ ᠰᠠᠩ ᠊ᠢ ᠪᠣᠳᠠᠲᠤ ᠴᠠᠭ ᠤᠨ ᠭᠣᠷᠢᠮ ᠳᠤ ᠨᠢᠭᠡᠳᠬᠡᠬᠦ ᠨᠥᠬᠥᠴᠡᠯ ᠢ ᠪᠦᠷᠢᠳᠦᠭᠦᠯᠵᠦ᠂ ᠦᠨᠳᠦᠰᠦᠨ ᠰᠢᠰᠲ᠋ᠧᠮ 《Хᠬᠤᠷ》 ᠍ ᠲᠠᠢ ᠬᠣᠯᠪᠣᠭᠳᠠᠨ᠂ ᠢᠷᠭᠡᠨ ᠊ᠤ ᠵᠥᠪᠰᠢᠶᠡᠷᠡᠯ ᠊ᠢᠢᠡᠷ ᠡᠷᠡᠭᠦᠯ ᠮᠡᠨᠳᠦ ᠊ᠢᠢᠨ ᠪᠠᠶᠢᠭᠤᠯᠤᠯᠭ᠎ᠠ ᠬᠣᠭᠣᠷᠣᠨᠳᠣ ᠡᠷᠡᠭᠦᠯ ᠮᠡᠨᠳᠦ ᠊ᠢᠢᠨ ᠮᠡᠳᠡᠭᠡᠯᠡᠯ ᠊ᠢ ᠳᠠᠮᠵᠢᠭᠤᠯᠬᠤ ᠪᠣᠯᠤᠮᠵᠢ ᠲᠠᠢ ᠪᠣᠯᠤᠯ᠎ᠠ᠃

ᠮᠥᠨ ᠲᠥᠷᠥ ᠊ᠢᠢᠨ ᠴᠠᠬᠢᠮ ᠦᠢᠯᠡᠴᠢᠯᠡᠭᠡᠨ ᠊ᠤ ᠨᠢᠭᠡᠳᠦᠭᠰᠡᠨ ᠰᠢᠰᠲ᠋ᠧᠮ ᠢ-ᠮᠣᠩᠭᠣᠯ ᠊ᠳᠦ ᠡᠷᠡᠭᠦᠯ ᠮᠡᠨᠳᠦ ᠊ᠢᠢᠨ ᠨᠡᠩ ᠱᠠᠭᠠᠷᠳᠠᠯᠭ᠎ᠠ ᠲᠠᠢ ᠳᠠᠷᠠᠭᠠᠬᠢ ᠗ ᠲᠥᠷᠥᠯ ᠤᠨ ᠲᠤᠰᠠᠯᠠᠮᠵᠢ᠂ ᠦᠢᠯᠡᠴᠢᠯᠡᠭᠡ ᠊ᠢᠢ ᠴᠠᠬᠢᠮ ᠬᠡᠯᠪᠡᠷᠢ ᠳᠦ ᠪᠦᠷᠢᠨ ᠰᠢᠯᠵᠢᠭᠦᠯᠵᠦ᠂ ᠵᠠᠷᠢᠮ ᠢ ᠨᠢ ᠬᠡᠷᠡᠭᠯᠡᠭᠡᠨ ᠊ᠳᠦ ᠨᠡᠪᠲᠡᠷᠡᠭᠦᠯᠦᠭᠡᠳ ᠪᠠᠶᠢᠨ᠎ᠠ᠃

ᠳᠡᠭᠡᠷᠡᠬᠢ ᠠᠵᠢᠯ ᠤᠳ ᠤᠨ ᠬᠦᠷᠢᠶᠡᠨ ᠊ᠳᠦ ᠼᠠ᠊ ᠬᠥ᠊ ᠬᠠ᠊ ᠬᠣ᠊ ᠶᠠ᠊᠂ ᠡᠷᠡᠭᠦᠯ ᠮᠡᠨᠳᠦ ᠊ᠢᠢᠨ ᠶᠠᠮᠤ ᠬᠠᠮᠲᠤᠷᠠᠨ 《ᠴᠠᠬᠢᠮ ᠡᠷᠡᠭᠦᠯ ᠮᠡᠨᠳᠦ》 ᠰᠤᠷᠭᠠᠯᠲᠠ ᠊ᠢᠢ ᠨᠡᠶᠢᠰᠯᠡᠯ ᠤᠨ ᠙ ᠳᠡᠭᠦᠷᠭᠡ ᠊ᠢᠢᠨ ᠡᠷᠡᠭᠦᠯ ᠮᠡᠨᠳᠦ ᠊ᠢᠢᠨ ᠰᠠᠯᠪᠤᠷᠢ ᠊ᠢᠢᠨ ᠬᠢᠨ ᠊ᠳᠤ ᠦᠶ᠎ᠡ ᠱᠠᠲᠤ ᠲᠠᠢ ᠵᠣᠬᠢᠶᠠᠨ ᠪᠠᠶᠢᠭᠤᠯᠬᠤ ᠶᠤᠮ᠃ ᠥᠨᠥᠳᠥᠷ ᠤᠨ ᠰᠤᠷᠭᠠᠯᠲᠠ ᠊ᠳᠤ ᠰᠣᠩᠭᠢᠨ᠎ᠠ ᠪᠠᠬᠠᠶᠢᠷᠬᠠᠨ ᠳᠡᠭᠦᠷᠭᠡ ᠊ᠢᠢᠨ ᠡᠷᠡᠭᠦᠯ ᠮᠡᠨᠳᠦ ᠊ᠢᠢᠨ ᠰᠠᠯᠪᠤᠷᠢ ᠊ᠢᠢᠨ ᠬᠢᠨ ᠬᠠᠮᠤᠷᠤᠭᠳᠠᠯ᠎ᠠ᠃

ᠨᠡᠶᠢᠲᠡᠯᠡᠭᠰᠡᠨ᠄