《ᠠᠽᠢᠶ᠎ᠠ ᠨᠣᠮᠣᠬᠠᠨ ᠳᠠᠯᠠᠢ ᠶᠢᠨ ᠳ᠋ᠢᠵᠢᠲᠠᠯ᠎ᠠ ᠰᠠᠶᠢᠳ ᠨᠠᠷ ᠤᠨ ᠪᠠᠭ᠎ᠠ ᠬᠤᠷᠠᠯ》 2 ᠳᠠᠬᠢ ᠡᠳᠦᠷ ᠢᠶᠡᠨ ᠴᠠᠬᠢᠮ ᠰᠠᠶᠢᠳ ᠨᠠᠷ ᠤᠨ ᠬᠤᠷᠠᠯ ᠢᠶᠠᠷ ᠦᠷᠭᠦᠯᠵᠢᠯᠡᠵᠦ ᠪᠠᠶᠢᠨ᠎ᠠ


ᠥᠨᠥᠳᠥᠷ ᠲᠤᠰ ᠬᠤᠷᠠᠯ ᠳᠤ ᠣᠷᠣᠯᠴᠠᠵᠤ ᠪᠤᠢ ᠳᠡᠯᠡᠬᠡᠢ ᠶᠢᠨ ᠤᠯᠤᠰ ᠣᠷᠣᠨ ᠨᠤᠭᠤᠳ ᠠᠴᠠ 15 ᠤᠯᠤᠰ ᠤᠨ ᠰᠠᠶᠢᠳ ᠥᠪᠡᠷ ᠦᠨ ᠤᠯᠤᠰ ᠤᠨ ᠴᠠᠬᠢᠮ ᠬᠥᠭᠵᠢᠯ ᠦᠨ ᠲᠤᠬᠠᠢ ᠲᠠᠨᠢᠯᠴᠠᠭᠤᠯᠤᠯ᠎ᠠ᠃ ᠴᠠ᠊ ᠬᠥᠭ᠊ ᠬᠠ᠊ ᠬᠣᠯ᠊ ᠤ ᠰᠠᠶᠢᠳ ᠨ ∙ ᠤᠴᠠᠷᠠᠯ ᠮᠣᠩᠭᠣᠯ ᠤᠯᠤᠰ ᠤᠨ ᠴᠠᠬᠢᠮ ᠬᠥᠭᠵᠢᠯ ᠦᠨ ᠥᠨᠥ ᠶᠢᠨ ᠨᠥᠬᠥᠴᠡᠯ ᠪᠠᠶᠢᠳᠠᠯ᠂ ᠪᠤᠢ ᠪᠣᠯᠵᠤ ᠪᠤᠢ ᠪᠣᠯᠤᠮᠵᠢ ᠨᠤᠭᠤᠳ᠂ ᠴᠠᠭᠠᠰᠢᠳᠠ ᠶᠢᠨ ᠴᠢᠭ ᠬᠠᠨᠳᠤᠯᠭ᠎ᠠ᠂ ᠣᠯᠠᠨ ᠤᠯᠤᠰ ᠤᠨ ᠬᠠᠮᠲᠤ ᠶᠢᠨ ᠠᠵᠢᠯᠯᠠᠭᠠᠨ ᠤ ᠬᠦᠷᠢᠶᠡᠨ ᠳᠦ ᠢᠯᠡᠳᠬᠡᠯ ᠲᠠᠯᠪᠢᠭᠰᠠᠨ ᠶᠤᠮ᠃

ᠲᠤᠰ ᠬᠤᠷᠠᠯ ᠤᠨ ᠦᠶ᠎ᠡ ᠪᠡᠷ ᠴᠠ᠊ ᠬᠥᠭ᠊ ᠬᠠ᠊ ᠬᠣᠯ᠊ ᠤ ᠰᠠᠶᠢᠳ ᠨ ∙ ᠤᠴᠠᠷᠠᠯ᠂ ᠪᠦ᠊ ᠨᠠ᠊ ᠰᠣ᠊ ᠤᠯᠤᠰ ᠤᠨ ᠰᠢᠨᠵᠢᠯᠡᠬᠦ ᠤᠬᠠᠭᠠᠨ᠂ ᠬᠠᠷᠢᠯᠴᠠᠭ᠎ᠠ ᠬᠣᠯᠪᠣᠭ᠎ᠠ᠂ ᠮᠡᠳᠡᠭᠡᠯᠡᠯ ᠦᠨ ᠲᠧᠭᠨᠣᠯᠣᠭᠢ ᠶᠢᠨ ᠰᠠᠶᠢᠳ ᠯᠢ ᠵᠣᠩ ᠬᠠ ᠲᠠᠢ ᠰᠠᠨᠠᠯ ᠰᠣᠯᠢᠯᠴᠠᠯ᠎ᠠ᠃ ᠰᠠᠶᠢᠳ ᠨ ∙ ᠤᠴᠠᠷᠠᠯ᠄ ᠬᠣᠶᠠᠷ ᠤᠯᠤᠰ ᠤᠨ ᠨᠥᠬᠥᠷᠰᠡᠭ ᠬᠠᠮᠲᠤ ᠶᠢᠨ ᠠᠵᠢᠯᠯᠠᠭᠠᠨ ᠤ ᠦᠷ᠎ᠡ ᠳᠦᠩ ᠳᠦ ᠲᠥᠷᠥ ᠪᠣᠯᠤᠨ ᠬᠤᠪ ᠤᠨ ᠬᠡᠪᠰᠢᠯ ᠦᠨ ᠲᠥᠪᠰᠢᠨ ᠳᠦ ᠮᠡᠳᠡᠭᠡᠯᠡᠯ ᠦᠨ ᠲᠧᠭᠨᠣᠯᠣᠭᠢ᠂ ᠬᠠᠷᠢᠯᠴᠠᠭ᠎ᠠ ᠬᠣᠯᠪᠣᠭᠠᠨ ᠤ ᠰᠠᠯᠪᠤᠷᠢ ᠳᠤ ᠣᠯᠠᠨ ᠲᠥᠰᠥᠯ ᠦᠳ ᠠᠮᠵᠢᠯᠲᠠ ᠲᠠᠢ ᠬᠡᠷᠡᠭᠵᠢᠭᠰᠡᠨ ᠢ ᠳᠤᠷᠠᠳᠤᠭᠠᠳ ᠲᠠᠯᠠᠷᠬᠠᠯ ᠢᠯᠡᠷᠬᠡᠶᠢᠯᠡᠭᠰᠡᠨ ᠪᠣᠯ ᠪᠦ᠊ ᠨᠠ᠊ ᠰᠣ᠊ ᠤᠯᠤᠰ ᠤᠨ ᠰᠢᠨᠵᠢᠯᠡᠬᠦ ᠤᠬᠠᠭᠠᠨ᠂ ᠬᠠᠷᠢᠯᠴᠠᠭ᠎ᠠ ᠬᠣᠯᠪᠣᠭ᠎ᠠ᠂ ᠮᠡᠳᠡᠭᠡᠯᠡᠯ ᠦᠨ ᠲᠧᠭᠨᠣᠯᠣᠭᠢ ᠶᠢᠨ ᠰᠠᠶᠢᠳ ᠯᠢ ᠵᠣᠩ ᠬᠠ᠄ ᠮᠣᠩᠭᠣᠯ ᠤᠯᠤᠰ ᠲᠤ ᠴᠠ᠊ ᠬᠥᠭ᠊ ᠬᠠ᠊ ᠬᠣᠯ᠊ ᠤ ᠶᠠᠮᠤ ᠪᠠᠶᠢᠭᠤᠯᠤᠭᠳᠠᠨ ᠠᠵᠢᠯᠯᠠᠵᠤ ᠪᠠᠶᠢᠭ᠎ᠠ ᠶᠢ ᠰᠠᠶᠢᠰᠢᠶᠠᠵᠤ᠂ ᠴᠠᠭᠠᠰᠢᠳᠠ ᠶᠢᠨ ᠬᠠᠮᠲᠤ ᠶᠢᠨ ᠠᠵᠢᠯᠯᠠᠭᠠᠨ ᠳᠤ ᠠᠮᠵᠢᠯᠲᠠ ᠬᠦᠰᠡᠯ᠎ᠡ᠃

《ᠠᠽᠢᠶ᠎ᠠ᠂ ᠨᠣᠮᠣᠬᠠᠨ ᠳᠠᠯᠠᠢ ᠶᠢᠨ ᠪᠦᠰᠡ ᠶᠢᠨ ᠳ᠋ᠢᠵᠢᠲᠠᠯ᠎ᠠ ᠰᠠᠶᠢᠳ ᠨᠠᠷ ᠤᠨ ᠠᠩᠬᠠᠳᠤᠭᠠᠷ ᠪᠠᠭ᠎ᠠ ᠬᠤᠷᠠᠯ-2022》 ᠨᠢ ᠳ᠋ᠢᠵᠢᠲᠠᠯ᠎ᠠ ᠰᠢᠯᠵᠢᠯᠲᠡ ᠶᠢ ᠠᠬᠢᠭᠤᠯᠬᠤ᠂ ᠪᠦᠰᠡ ᠨᠤᠲᠤᠭ ᠤᠨ ᠳ᠋ᠢᠵᠢᠲᠠᠯ᠎ᠠ ᠬᠠᠮᠲᠤ ᠶᠢᠨ ᠠᠵᠢᠯᠯᠠᠭ᠎ᠠ ᠶᠢ ᠪᠡᠬᠢᠵᠢᠭᠦᠯᠬᠦ ᠨᠥᠬᠥᠴᠡᠯ ᠪᠠᠶᠢᠳᠠᠯ᠂ ᠰᠣᠷᠢᠯᠲᠠ ᠪᠡᠷᠬᠡᠰᠢᠶᠡᠯ᠂ ᠠᠷᠭ᠎ᠠ ᠵᠠᠮ ᠢ ᠬᠡᠯᠡᠯᠴᠡᠬᠦ ᠲᠣᠮᠣᠬᠠᠨ ᠪᠣᠯᠤᠮᠵᠢ ᠶᠤᠮ᠃

ᠨᠡᠶᠢᠲᠡᠯᠡᠭᠰᠡᠨ᠄