ᠪᠠᠩᠬᠢ᠂ ᠰᠠᠩᠬᠦᠦ ᠶᠢᠨ ᠦᠢᠯᠡᠴᠢᠯᠡᠭᠡᠨ ᠳᠦ ᠲᠥᠷᠥ ᠡᠴᠡ ᠣᠯᠭᠣᠬᠤ ᠯᠠᠪᠯᠠᠭᠠᠭ᠎ᠠ ᠲᠣᠳᠣᠷᠬᠠᠶᠢᠯᠠᠯᠲᠠ ᠶᠢ ᠬᠡᠪᠯᠡᠵᠦ ᠢᠷᠡᠬᠦ ᠶᠢ ᠱᠠᠭᠠᠷᠳᠠᠳᠠᠭ ᠨᠢ ᠢᠷᠭᠡᠳ ᠦᠨ ᠪᠤᠬᠢᠨᠢᠳᠤᠯ ᠢ ᠲᠥᠷᠦᠭᠦᠯᠳᠡᠭ


ᠲᠡᠶᠢᠮᠦ ᠡᠴᠡ ᠲᠥᠷᠥ ᠶᠢᠨ ᠮᠡᠳᠡᠭᠡᠯᠡᠯ ᠰᠣᠯᠢᠯᠴᠠᠭᠠᠨ ᠤ ᠰᠢᠰᠲ᠋ᠧᠮ ᠠᠰᠢᠭᠯᠠᠬᠤ ᠭᠡᠷ᠎ᠡ ᠪᠠᠶᠢᠭᠤᠯᠤᠭᠰᠠᠨ ᠪᠠᠩᠬᠢ᠂ ᠰᠠᠩᠬᠦᠦ ᠶᠢᠨ ᠪᠠᠶᠢᠭᠤᠯᠤᠯᠭ᠎ᠠ ᠶᠢᠨ ᠠᠵᠢᠯᠲᠠᠨ ᠨᠢ ᠢᠷᠭᠡᠨ ᠦ ᠵᠥᠪᠰᠢᠶᠡᠷᠡᠯ ᠢᠶᠡᠷ ᠬᠠᠷᠢᠯᠴᠠᠭᠴᠢ ᠶᠢᠨ ᠬᠤᠪ ᠤᠨ ᠮᠡᠳᠡᠭᠡᠯᠡᠯ ᠳᠦ ᠬᠠᠨᠳᠤᠨ ᠯᠠᠪᠯᠠᠭᠠᠭ᠎ᠠ ᠱᠠᠭᠠᠷᠳᠠᠬᠤ ᠦᠭᠡᠢ ᠪᠡᠷ ᠲᠦᠷᠭᠡᠨ ᠰᠢᠭᠤᠷᠬᠠᠢ ᠦᠢᠯᠡᠴᠢᠯᠡᠭᠡ ᠦᠵᠡᠭᠦᠯᠬᠦ ᠪᠣᠯᠤᠮᠵᠢ ᠪᠠᠷ ᠬᠠᠩᠭᠠᠬᠤ ᠠᠵᠢᠯ ᠢ ᠵᠣᠬᠢᠶᠠᠨ ᠪᠠᠶᠢᠭᠤᠯᠵᠤ ᠪᠠᠶᠢᠨ᠎ᠠ᠃

ᠮᠣᠩᠭᠣᠯ ᠪᠠᠩᠬᠢ᠂ ᠪᠠᠩᠬᠢᠨ ᠤ ᠬᠣᠯᠪᠣᠭ᠎ᠠ᠂ ᠬᠤᠪ ᠤᠨ ᠬᠡᠪᠰᠢᠯ ᠦᠨ ᠪᠠᠩᠬᠢᠨ ᠨᠤᠭᠤᠳ᠂ ᠤᠯᠤᠰ ᠤᠨ ᠪᠦᠷᠢᠳᠬᠡᠯ ᠦᠨ ᠶᠡᠷᠦᠩᠬᠡᠢ ᠭᠠᠵᠠᠷ᠂ ᠦᠨᠳᠦᠰᠦᠨ ᠦ ᠳᠠᠲ᠋ᠠ ᠲᠥᠪ᠂ ᠴᠠᠬᠢᠮ ᠬᠥᠭᠵᠢᠯ ᠬᠠᠷᠢᠯᠴᠠᠭ᠎ᠠ ᠬᠣᠯᠪᠣᠭᠠᠨ ᠤ ᠶᠠᠮᠤ ᠬᠠᠮᠲᠤᠷᠠᠨ ᠵᠣᠬᠢᠶᠠᠨ ᠪᠠᠶᠢᠭᠤᠯᠵᠤ ᠪᠤᠢ ᠤᠭ ᠠᠵᠢᠯ ᠤᠨ ᠦᠷ᠎ᠡ ᠳᠦᠩ ᠲᠤᠩ ᠤᠳᠤᠬᠤ ᠦᠭᠡᠢ ᠪᠡᠶᠡᠯᠡᠯ ᠢᠶᠡᠨ ᠤᠯᠬᠤ ᠪᠥᠭᠡᠳ ᠢᠷᠭᠡᠨ ᠲᠠᠨ ᠤ ᠴᠠᠭ ᠵᠠᠪ ᠢ ᠬᠡᠮᠨᠡᠬᠦ ᠴᠠᠬᠢᠮ ᠰᠢᠯᠵᠢᠯᠲᠡ ᠶᠢᠨ ᠴᠢᠬᠤᠯᠠ ᠠᠯᠬᠤᠮ ᠬᠢᠭᠳᠡᠬᠦ ᠭᠡᠵᠦ ᠪᠠᠶᠢᠨ᠎ᠠ᠃

ᠲᠤᠰ ᠠᠵᠢᠯ ᠢ ᠭᠦᠢᠴᠡᠳᠭᠡᠬᠦ ᠠᠵᠢᠯ ᠤᠨ ᠬᠡᠰᠡᠭ ᠦᠨ ᠥᠨᠥᠳᠥᠷ ᠦᠨ ᠬᠤᠷᠠᠯᠳᠤᠭᠠᠨ ᠢᠶᠠᠷ ᠪᠠᠩᠬᠢᠨ ᠤ ᠦᠢᠯᠡᠴᠢᠯᠡᠭᠡᠨ ᠳᠦ ᠱᠠᠭᠠᠷᠳᠠᠭᠳᠠᠬᠤ ᠤᠯᠤᠰ ᠤᠨ ᠪᠦᠷᠢᠳᠬᠡᠯ ᠦᠨ ᠯᠠᠪᠯᠠᠭᠠᠭ᠎ᠠ ᠪᠣᠯᠤᠨ᠂ ᠨᠣᠲ᠋ᠠᠷᠢᠶᠠᠲ ᠢᠶᠠᠷ ᠪᠠᠲᠤᠯᠠᠭᠤᠯᠬᠤ ᠱᠠᠭᠠᠷᠳᠠᠯᠭ᠎ᠠ ᠪᠦᠬᠦᠢ ᠪᠢᠴᠢᠭ ᠪᠠᠷᠢᠮᠲᠠ ᠨᠤᠭᠤᠳ ᠢ ᠴᠠᠬᠢᠮ ᠬᠡᠯᠪᠡᠷᠢ ᠪᠡᠷ ᠪᠠᠩᠬᠢ᠂ ᠰᠠᠩᠬᠦᠦ ᠶᠢᠨ ᠪᠠᠶᠢᠭᠤᠯᠤᠯᠭ᠎ᠠ ᠶᠢᠨ ᠠᠯᠪᠠᠨ ᠬᠠᠭᠠᠭᠴᠢ ᠬᠡᠷᠬᠢᠨ ᠠᠰᠢᠭᠯᠠᠵᠤ ᠢᠷᠭᠡᠳ ᠲᠦ ᠦᠢᠯᠡᠴᠢᠯᠡᠬᠦ ᠲᠤᠬᠠᠢ ᠰᠢᠢᠳᠦᠯ ᠢ ᠲᠠᠨᠢᠯᠴᠠᠭᠤᠯᠤᠯ᠎ᠠ᠃

Цаашид холбогдох төрийн байгууллагуудад уялдаа холбоогоо нэгтгэн системийн хэвийн, тогтвортой ажиллах боломжоор хангах, богино хугацаанд уг ажлыг эцэслэж иргэдэд бодит үр дүнг хүргэхийг ЦХХХ-ны сайд Н.Учрал үүрэг болголоо.

ᠨᠡᠶᠢᠲᠡᠯᠡᠭᠰᠡᠨ᠄