ᠴᠠ᠊ ᠬᠥᠭ᠊ ᠬᠠ᠊ ᠬᠣᠯ᠊ ᠤ ᠰᠠᠶᠢᠳ ᠨ ∙ ᠤᠴᠠᠷᠠᠯ᠄ ᠬᠦᠮᠦᠨ ᠦ ᠬᠤᠪ ᠤᠨ ᠮᠡᠳᠡᠭᠡᠯᠡᠯ ᠢ ᠬᠠᠮᠠᠭᠠᠯᠠᠬᠤ ᠲᠤᠬᠠᠢ ᠬᠠᠤᠯᠢ ᠶᠢᠨ ᠬᠡᠷᠡᠭᠵᠢᠯᠲᠡ ᠶᠢ ᠬᠠᠩᠭᠠᠨ᠎ᠠ


ᠬᠦᠮᠦᠨ ᠦ ᠡᠷᠬᠡ ᠶᠢ ᠬᠠᠩᠭᠠᠬᠤ ᠦᠨᠳᠦᠰᠦᠨ ᠦ ᠬᠣᠷᠢᠶᠠᠨ ᠤ ᠠᠩᠬᠠᠳᠤᠭᠠᠷ ᠬᠤᠷᠠᠯᠳᠤᠭᠠᠨ ᠥᠨᠥᠳᠥᠷ (2022.11.17) ᠲᠥᠷᠦ ᠶᠢᠨ ᠣᠷᠳᠣᠨ ᠳᠤ ᠪᠣᠯᠤᠯ᠎ᠠ᠃ ᠬᠤᠷᠠᠯᠳᠤᠭᠠᠨ ᠢᠶᠠᠷ ᠬᠦᠮᠦᠨ ᠦ ᠡᠷᠬᠡ ᠶᠢ ᠬᠠᠩᠭᠠᠬᠤ ᠴᠠᠬᠢᠮ ᠬᠥᠭᠵᠢᠯ᠂ ᠪᠢᠽᠢᠨ᠋ᠧᠰ᠂ ᠲᠥᠰᠦᠪ᠂ ᠪᠣᠯᠪᠠᠰᠤᠷᠠᠯ᠂ ᠰᠣᠶᠣᠯ᠂ ᠨᠡᠶᠢᠭᠡᠮ᠂ ᠡᠷᠡᠭᠦᠯ ᠮᠡᠨᠳᠦ ᠵᠡᠷᠭᠡ ᠰᠠᠯᠪᠠᠷ ᠤᠳ ᠤᠨ ᠠᠰᠠᠭᠤᠳᠠᠯ ᠢ ᠬᠥᠨᠳᠡᠵᠦ᠂ ᠰᠢᠢᠳᠦᠯ ᠦᠳ ᠢ ᠲᠠᠨᠢᠯᠴᠠᠭᠤᠯᠤᠯ᠎ᠠ᠃ ᠴᠠ᠊ ᠬᠥᠭ᠊ ᠬᠠ᠊ ᠬᠣᠯ᠊ ᠤ ᠰᠠᠶᠢᠳ ᠨ ∙ ᠤᠴᠠᠷᠠᠯ ᠬᠤᠷᠠᠯᠳᠤᠭᠠᠨ ᠳᠤ ᠣᠷᠣᠯᠴᠠᠵᠤ ᠴᠠᠬᠢᠮ ᠣᠷᠴᠢᠨ ᠤ ᠥᠨᠥ ᠶᠢᠨ ᠪᠠᠶᠢᠳᠠᠯ᠂ ᠴᠠᠬᠢᠮ ᠣᠷᠴᠢᠨ ᠳᠤ ᠬᠦᠮᠦᠨ ᠦ ᠡᠷᠬᠡ ᠶᠢ ᠬᠠᠮᠠᠭᠠᠯᠠᠬᠤ ᠲᠠᠯ᠎ᠠ ᠪᠠᠷ ᠠᠪᠴᠤ ᠬᠡᠷᠡᠭᠵᠢᠭᠦᠯᠬᠦ ᠠᠷᠭ᠎ᠠ ᠬᠡᠮᠵᠢᠶᠡᠨ ᠦ ᠲᠠᠯ᠎ᠠ ᠪᠠᠷ ᠢᠯᠡᠳᠬᠡᠯ ᠲᠠᠯᠪᠢᠯ᠎ᠠ᠃

ᠬᠠᠷᠢᠯᠴᠠᠭ᠎ᠠ ᠬᠣᠯᠪᠤᠭᠠᠨ ᠤ ᠵᠣᠬᠢᠴᠠᠭᠤᠯᠬᠤ ᠬᠣᠷᠶᠢ᠎ᠠ ᠶᠢᠨ 2022 ᠣᠨ ᠤ ᠡᠬᠢᠨ ᠦ ᠬᠠᠭᠠᠰ ᠵᠢᠯ ᠦᠨ ᠲᠠᠶᠢᠯᠠᠩ ᠳᠤ ᠮᠣᠩᠭᠣᠯ ᠤᠯᠤᠰ ᠲᠤ ᠤᠬᠠᠭᠠᠯᠢᠭ ᠲᠥᠬᠦᠭᠡᠷᠦᠮᠵᠢ ᠬᠡᠷᠡᠭᠯᠡᠭᠴᠢᠳ ᠦᠨ ᠲᠣᠭ᠎ᠠ 3᠂836᠂572᠂ ᠹᠧᠢᠰᠪᠥᠺ ᠬᠡᠷᠡᠭᠯᠡᠭᠴᠢᠳ ᠦᠨ ᠲᠣᠭ᠎ᠠ ᠠᠽᠢᠶ᠎ᠠ ᠲᠢᠪ ᠲᠦ 1 ᠳ᠋ᠦ᠋ᠭᠡᠷ ᠲᠦ (2.8 ᠰᠠᠶ᠎ᠠ)᠂ ᠳᠡᠯᠡᠬᠡᠢ ᠳᠦ 10 ᠳ᠋ᠤᠭᠠᠷ ᠪᠠᠶᠢᠷᠢ ᠳᠤ ᠵᠢᠭᠰᠠᠬᠤ ᠪᠣᠯᠤᠭᠰᠠᠨ ᠨᠢ ᠴᠠᠬᠢᠮ ᠬᠡᠷᠡᠭᠯᠡᠭᠡᠨ ᠦ ᠬᠠᠮᠤᠷᠬᠤ ᠬᠦᠷᠢᠶ᠎ᠡ᠂ ᠬᠡᠷᠡᠭᠯᠡᠭᠡ ᠬᠤᠷᠳᠤᠴᠠ ᠲᠠᠢ ᠥᠰᠴᠢ ᠪᠠᠶᠢᠭ᠎ᠠ ᠶᠢ ᠬᠠᠷᠠᠭᠤᠯᠵᠤ ᠪᠠᠶᠢᠨ᠎ᠠ᠃ ᠡᠭᠦᠨ ᠢ ᠳᠠᠭᠠᠭᠠᠳ ᠪᠤᠰᠤᠳ ᠤᠨ ᠨᠡᠷ᠎ᠡ ᠲᠥᠷᠥ᠂ ᠠᠯᠳᠠᠷ ᠬᠦᠨᠳᠦᠳᠡ ᠬᠠᠯᠠᠳᠠᠬᠤ᠂ ᠭᠤᠲᠤᠭᠠᠨ ᠳᠤᠷᠤᠮᠵᠢᠯᠠᠬᠤ᠂ ᠢᠷᠭᠡᠳ ᠢ ᠵᠠᠯᠢᠯᠠᠬᠤ᠂ ᠲᠦᠭᠡᠷᠢᠭᠳᠡᠭᠦᠯᠬᠦ᠂ ᠦᠵᠡᠯ ᠪᠣᠳᠣᠯ ᠢᠶᠠᠷ ᠨᠢ ᠲᠠᠯᠠᠴᠠᠭᠤᠯᠬᠤ᠂ ᠬᠦᠴᠦᠷᠬᠡᠶᠢᠯᠡᠯ ᠳᠦ ᠤᠷᠢᠯᠠᠬᠤ᠂ ᠲᠥᠷᠥ ᠵᠠᠰᠠᠭ ᠤᠨ ᠡᠰᠡᠷᠡᠭ ᠦᠢᠯᠡ ᠠᠵᠢᠯᠯᠠᠭ᠎ᠠ ᠶᠠᠪᠤᠭᠤᠯᠬᠤ ᠵᠡᠷᠭᠡ ᠭᠡᠮᠲᠦ ᠬᠡᠷᠡᠭ᠂ ᠵᠥᠷᠢᠴᠡᠯ ᠦᠨ ᠰᠢᠨᠵᠢᠲᠡᠢ ᠬᠠᠤᠯᠢ ᠪᠤᠰᠤ ᠦᠢᠯᠡᠳᠦᠯ ᠦᠳ ᠶᠡᠬᠡᠰᠴᠦ ᠪᠠᠶᠢᠨ᠎ᠠ᠃ ᠮᠥᠨ ᠰᠡᠭᠦᠯ ᠦᠨ ᠦᠶ᠎ᠡ ᠳᠦ ᠥᠰᠪᠦᠷᠢ ᠨᠠᠰᠤᠨ ᠤ ᠬᠡᠦᠬᠡᠳ ᠦᠳ ᠴᠠᠬᠢᠮ ᠭᠠᠳᠠᠭᠤᠷᠬᠠᠯ ᠳᠤ ᠥᠷᠲᠥᠵᠦ ᠪᠠᠶᠢᠨ᠎ᠠ᠃

ᠴᠠ᠊ ᠬᠥᠭ᠊ ᠬᠠ᠊ ᠬᠣᠯ᠊ ᠤ ᠰᠠᠶᠢᠳ ᠨ ∙ ᠤᠴᠠᠷᠠᠯ᠄ ᠬᠦᠮᠦᠨ ᠦ ᠡᠷᠬᠡ ᠶᠢᠨ ᠦᠨᠳᠦᠰᠦᠨ ᠦ ᠺᠣᠮᠢᠰ ᠲᠠᠢ ᠬᠠᠮᠲᠤᠷᠠᠨ ᠠᠵᠢᠯ ᠤᠨ ᠬᠡᠰᠡᠭ ᠪᠠᠶᠢᠭᠤᠯᠵᠤ᠂ ᠬᠦᠮᠦᠨ ᠦ ᠬᠤᠪ ᠤᠨ ᠮᠡᠳᠡᠭᠡᠯᠡᠯ ᠢ ᠬᠠᠮᠠᠭᠠᠯᠠᠬᠤ ᠲᠤᠬᠠᠢ ᠬᠠᠤᠯᠢ ᠶᠢᠨ ᠬᠡᠷᠡᠭᠵᠢᠯᠲᠡ ᠶᠢ ᠡᠷᠴᠢᠮᠵᠢᠭᠦᠯᠦᠨ᠎ᠡ᠃ ᠡᠨᠡ ᠬᠦᠷᠢᠶᠡᠨ ᠳᠦ ᠮᠡᠳᠡᠭᠡᠯᠡᠯ ᠴᠤᠭᠯᠠᠭᠤᠯᠬᠤ᠂ ᠪᠣᠯᠪᠠᠰᠤᠷᠠᠭᠤᠯᠬᠤ᠂ ᠠᠰᠢᠭᠯᠠᠬᠤ ᠦᠶ᠎ᠡ ᠳᠦ ᠮᠡᠳᠡᠭᠡᠯᠡᠯ ᠦᠨ ᠠᠶᠤᠯ ᠦᠭᠡᠢ ᠪᠠᠶᠢᠳᠠᠯ ᠢ ᠬᠠᠩᠭᠠᠬᠤ ᠱᠠᠭᠠᠷᠳᠠᠯᠭ᠎ᠠ᠂ ᠦᠨᠡᠯᠡᠭᠡ ᠬᠢᠬᠦ ᠵᠢᠭᠠᠪᠤᠷᠢᠴᠢᠯᠠᠭ᠎ᠠ᠂ ᠬᠠᠳᠠᠭᠠᠯᠠᠬᠤ ᠲᠧᠭᠨᠣᠯᠣᠭᠢ ᠳᠤ ᠲᠠᠯᠪᠢᠭᠳᠠᠬᠤ ᠱᠠᠭᠠᠷᠳᠠᠯᠭ᠎ᠠ ᠶᠢ ᠪᠣᠯᠪᠠᠰᠤᠷᠠᠭᠤᠯᠵᠤ᠂ ᠪᠠᠲᠤᠯᠠᠭᠰᠠᠨ᠃ ᠮᠡᠳᠡᠭᠡᠯᠡᠯ ᠬᠠᠷᠢᠭᠤᠴᠠᠭᠴᠢ ᠬᠦᠮᠦᠨ ᠦ ᠣᠷᠣᠯᠴᠠᠭ᠎ᠠ ᠦᠭᠡᠢ ᠪᠡᠷ ᠮᠡᠳᠡᠭᠡᠯᠡᠯ ᠳᠦ ᠴᠠᠬᠢᠮ ᠬᠡᠯᠪᠡᠷᠢ ᠪᠡᠷ ᠪᠣᠯᠪᠠᠰᠤᠷᠠᠭᠤᠯᠤᠯᠲᠠ ᠬᠢᠬᠦ ᠲᠧᠭᠨᠣᠯᠣᠭᠢ ᠶᠢ ᠠᠰᠢᠭᠯᠠᠨ ᠮᠡᠳᠡᠭᠡᠯᠡᠯ ᠴᠤᠭᠯᠠᠭᠤᠯᠵᠤ᠂ ᠪᠣᠯᠪᠠᠰᠤᠷᠠᠭᠤᠯᠵᠤ᠂ ᠠᠰᠢᠭᠯᠠᠵᠤ ᠦᠶ᠎ᠡ ᠳᠦ ᠦᠨᠡᠯᠡᠭᠡ ᠬᠢᠬᠦ ᠠᠷᠭᠠᠴᠢᠯᠠᠯ᠂ ᠵᠢᠷᠤᠮ ᠢ ᠪᠣᠯᠪᠠᠰᠤᠷᠠᠭᠤᠯᠵᠤ ᠬᠡᠷᠡᠭᠵᠢᠭᠦᠯᠦᠨ᠎ᠡ᠃ ᠬᠦᠮᠦᠨ ᠦ ᠡᠮᠵᠡᠭ ᠮᠡᠳᠡᠭᠡᠯᠡᠯ᠂ ᠭᠧᠨᠧᠲ᠋ᠢᠭ ᠪᠣᠯᠤᠨ ᠪᠢᠣᠮᠧᠲᠷᠢᠺ ᠮᠡᠳᠡᠭᠡᠯᠡᠯ ᠪᠣᠯᠪᠠᠰᠤᠷᠠᠭᠤᠯᠬᠤ ᠳᠤ ᠪᠠᠷᠢᠮᠲᠠᠯᠠᠬᠤ ᠲᠧᠭᠨᠣᠯᠣᠭᠢ ᠶᠢᠨ ᠠᠶᠤᠯ ᠦᠭᠡᠢ ᠪᠠᠶᠢᠳᠠᠯ ᠤᠨ ᠱᠠᠭᠠᠷᠳᠠᠯᠭ᠎ᠠ᠂ ᠵᠢᠷᠤᠮ ᠢ ᠪᠣᠯᠪᠠᠰᠤᠷᠠᠭᠤᠯᠤᠨ᠎ᠠ᠃ ᠳᠠᠭᠤᠨ ᠤ᠂ ᠳᠦᠷᠦᠭᠰᠡᠨ ᠦ᠂ ᠳᠠᠭᠤᠤ ᠳᠦᠷᠰᠦᠨ ᠦ ᠪᠢᠴᠢᠯᠭᠡ ᠶᠢᠨ ᠲᠥᠬᠥᠭᠡᠷᠦᠮᠵᠢ ᠪᠠᠶᠢᠷᠢᠰᠢᠭᠤᠯᠬᠤ ᠳᠤ ᠲᠠᠯᠪᠢᠭᠳᠠᠬᠤ ᠱᠠᠭᠠᠷᠳᠠᠯᠭ᠎ᠠ᠂ ᠠᠩᠬᠠᠷᠤᠭᠤᠯᠭ᠎ᠠ ᠪᠣᠯᠪᠠᠰᠤᠷᠠᠭᠤᠯᠤᠨ᠎ᠠ᠃ ᠬᠤᠪᠤ ᠶᠢᠨ ᠮᠡᠳᠡᠭᠡᠯᠡᠯ ᠢᠶᠡᠨ ᠬᠠᠮᠠᠭᠠᠯᠠᠬᠤ ᠲᠠᠯ᠎ᠠ ᠪᠠᠷ ᠢᠷᠭᠡᠳ ᠦᠨ ᠮᠡᠳᠡᠯᠭᠡ ᠣᠶᠢᠯᠠᠭᠠᠯᠲᠠ ᠶᠢ ᠳᠡᠭᠡᠭᠰᠢᠯᠡᠭᠦᠯᠬᠦ ᠰᠤᠷᠭᠠᠯᠲᠠ ᠵᠣᠬᠢᠶᠠᠨ ᠪᠠᠶᠢᠭᠤᠯᠤᠨ᠎ᠠ᠃ ᠴᠠᠬᠢᠮ ᠤᠷᠴᠢᠨ ᠳᠤ ᠬᠦᠮᠦᠨ ᠦ ᠡᠷᠬᠡ ᠶᠢ ᠬᠠᠩᠭᠠᠬᠤ ᠴᠢᠭᠯᠡᠯ ᠢᠶᠡᠷ ᠰᠤᠳᠤᠯᠭᠠᠨ ᠳᠤ ᠰᠠᠭᠤᠷᠢᠯᠠᠭᠰᠠᠨ ᠰᠠᠨᠠᠯ ᠪᠣᠯᠪᠠᠰᠤᠷᠠᠭᠤᠯᠬᠤ ᠪᠠᠷ ᠠᠵᠢᠯᠯᠠᠵᠤ ᠪᠠᠶᠢᠨ᠎ᠠ ᠭᠡᠰᠡᠨ ᠶᠤᠮ᠃

ᠨᠡᠶᠢᠲᠡᠯᠡᠭᠰᠡᠨ᠄