ᠴᠠ᠊ ᠬᠥᠭ᠊ ᠬᠠ᠊ ᠬᠣᠯ᠊ ᠤ ᠶᠠᠮᠤ ᠨᠢᠭᠡᠳᠦᠭᠰᠡᠨ ᠦᠨᠳᠦᠰᠦᠨ ᠦ ᠪᠠᠶᠢᠭᠤᠯᠤᠯᠭ᠎ᠠ ᠤᠨ ᠬᠡᠦᠬᠡᠳ ᠦᠨ ᠰᠠᠩ ᠲᠠᠢ ᠴᠠᠬᠢᠮ ᠣᠷᠴᠢᠨ ᠳ᠋ᠠᠬᠢ ᠬᠡᠦᠬᠡᠳ ᠬᠠᠮᠠᠭᠠᠯᠠᠯ ᠤᠨ ᠴᠢᠭᠯᠡᠯ ᠢᠶᠡᠷ ᠬᠠᠮᠲᠤᠷᠠᠵᠤ ᠠᠵᠢᠯᠯᠠᠨ᠎ᠠ


ᠴᠠ᠊ ᠬᠥᠭ᠊ ᠬᠠ᠊ ᠬᠣᠯ᠊ ᠤ ᠰᠠᠶᠢᠳ ᠨ ∙ ᠤᠴᠠᠷᠠᠯ ᠨᠢᠭᠡᠳᠦᠭᠰᠡᠨ ᠦᠨᠳᠦᠰᠦᠨ ᠦ ᠪᠠᠶᠢᠭᠤᠯᠤᠯᠭ᠎ᠠ ᠤᠨ ᠬᠡᠦᠬᠡᠳ ᠦᠨ ᠰᠠᠩ ᠤᠨ ᠮᠣᠩᠭᠣᠯ ᠤᠯᠤᠰ ᠳᠠᠬᠢ ᠰᠠᠭᠤᠷᠢᠨ ᠲᠥᠯᠥᠭᠡᠯᠡᠭᠴᠢ ᠧᠣᠠᠷᠢᠰᠲ᠋ᠧ ᠺᠣᠦ᠋ᠠᠰᠰᠢ-ᠺᠣᠮᠠᠯᠠᠩ ᠲᠠᠢ ᠥᠨᠥᠳᠥᠷ (᠒᠐᠒᠒-᠑᠑-᠒᠑) ᠠᠭᠤᠯᠵᠠᠯ᠎ᠠ᠃

ᠠᠭᠤᠯᠵᠠᠯᠲᠠ ᠶᠢᠨ ᠡᠬᠢᠨ ᠳᠦ ᠴᠠ᠊ ᠬᠥᠭ᠊ ᠬᠠ᠊ ᠬᠣᠯ᠊ ᠤ ᠰᠠᠶᠢᠳ ᠨ ∙ ᠤᠴᠠᠷᠠᠯ ᠴᠠᠬᠢᠮ ᠤᠷᠴᠢᠨ ᠳᠤ ᠪᠡᠯᠭᠡ ᠶᠢᠨ ᠬᠦᠴᠦᠷᠬᠡᠶᠢᠯᠡᠯ᠂ ᠮᠥᠯᠵᠢᠯᠭᠡ ᠶᠢ ᠤᠰᠠᠳᠬᠠᠬᠤ᠂ ᠬᠡᠦᠬᠡᠳ ᠦᠨ ᠡᠷᠬᠡ ᠶᠢ ᠬᠠᠮᠠᠭᠠᠯᠠᠬᠤ᠂ ᠠᠶᠤᠯ ᠦᠭᠡᠢ ᠪᠠᠶᠢᠳᠠᠯ ᠢ ᠬᠠᠩᠭᠠᠬᠤ ᠵᠣᠷᠢᠯᠭ᠎ᠠ ᠲᠠᠢ 《ᠪᠢᠳᠡ ᠬᠠᠮᠠᠭᠠᠯᠠᠨ᠎ᠠ》 (WeProtect) ᠵᠠᠭᠪᠤᠷ ᠢ ᠬᠠᠮᠲᠤᠷᠠᠨ ᠬᠡᠷᠡᠭᠵᠢᠭᠦᠯᠵᠦ ᠳᠠᠭᠤᠰᠤᠭᠰᠠᠨ ᠢ ᠳᠤᠷᠠᠳᠤᠯ᠎ᠠ᠃ ᠮᠥᠨ 《ᠭᠠᠵᠠᠷ ᠬᠥᠳᠡᠯᠦᠯᠲᠡ ᠶᠢᠨ ᠭᠠᠮᠰᠢᠭ ᠤᠨ ᠦᠶ᠎ᠡ ᠶᠢᠨ ᠬᠠᠷᠢᠯᠴᠠᠭ᠎ᠠ ᠬᠣᠯᠪᠣᠭᠠᠨ ᠤ ᠪᠡᠯᠡᠨ ᠪᠠᠶᠢᠳᠠᠯ》 ᠰᠡᠳᠦᠪᠲᠦ ᠰᠤᠷᠭᠠᠯᠲᠠ᠂ ᠳᠠᠳᠤᠯᠭ᠎ᠠ᠂ 《ᠲᠧᠭᠨᠣᠯᠣᠭᠢ ᠶᠢᠨ ᠰᠠᠯᠪᠤᠷᠢ ᠳᠠᠬᠢ ᠣᠬᠢᠳ ᠤᠨ ᠮᠠᠩᠯᠠᠶᠢᠯᠠᠯ》 ᠬᠡᠯᠡᠯᠴᠡᠭᠦᠯᠭᠡ᠂ ᠮᠣᠩᠭᠣᠯ ᠤᠯᠤᠰ ᠲᠤ ᠬᠡᠦᠬᠡᠳ ᠦᠨ ᠡᠷᠬᠡ ᠶᠢᠨ ᠲᠤᠬᠠᠢ ᠺᠣᠨᠸᠧᠨᠼ ᠢᠶᠠᠷ ᠪᠠᠲᠤᠯᠠᠭᠠᠵᠢᠭᠰᠠᠨ ᠡᠷᠬᠡ ᠨᠦᠭᠦᠳ ᠢ ᠬᠡᠦᠬᠡᠳ ᠪᠦᠷ ᠡᠳᠯᠡᠬᠦ ᠨᠥᠬᠥᠴᠡᠯ ᠢ ᠬᠠᠩᠭᠠᠬᠤ ᠳᠤ ᠴᠢᠭᠯᠡᠭᠰᠡᠨ ᠪᠦᠬᠦ ᠠᠷᠭ᠎ᠠ ᠬᠡᠮᠵᠢᠶ᠎ᠡ᠂ ᠦᠢᠯᠡ ᠠᠵᠢᠯᠯᠠᠭᠠᠨ ᠳᠤ ᠬᠠᠮᠲᠤᠷᠠᠵᠤ ᠠᠵᠢᠯᠯᠠᠭᠰᠠᠨ ᠳᠤ ᠲᠠᠯᠠᠷᠬᠠᠯ ᠢᠯᠡᠷᠬᠡᠶᠢᠯᠡᠯ᠎ᠡ᠃

ᠮᠥᠨ ᠴᠠ᠊ ᠬᠥᠭ᠊ ᠬᠠ᠊ ᠬᠣᠯ᠊ ᠤ ᠶᠠᠮᠤ 《ᠴᠠᠬᠢᠮ ᠪᠣᠯᠤᠨ ᠥᠷᠭᠡᠨ ᠨᠡᠪᠲᠡᠷᠡᠭᠦᠯᠭᠡ ᠶᠢᠨ ᠣᠷᠴᠢᠨ ᠳ᠋ᠠᠬᠢ ᠬᠡᠦᠬᠡᠳ ᠬᠠᠮᠠᠭᠠᠯᠠᠯ》 ᠴᠢᠭᠯᠡᠯ ᠢᠶᠡᠷ ᠬᠡᠦᠬᠡᠳ ᠢ ᠵᠣᠬᠢᠰ ᠦᠭᠡᠢ ᠠᠭᠤᠯᠭ᠎ᠠ ᠠᠴᠠ ᠬᠠᠮᠠᠭᠠᠯᠠᠬᠤ᠂ ᠡᠴᠢᠭᠡ ᠡᠬᠡ᠂ ᠠᠰᠠᠷᠠᠨ ᠬᠠᠮᠠᠭᠠᠯᠠᠭᠴᠢᠳ ᠪᠣᠯᠤᠨ ᠣᠯᠠᠨ ᠨᠡᠶᠢᠲᠡ ᠳᠦ ᠮᠡᠳᠡᠯᠭᠡ ᠣᠯᠭᠤᠬᠤ᠂ ᠬᠡᠦᠬᠡᠳ ᠴᠠᠬᠢᠮ ᠭᠡᠮᠲᠦ ᠬᠡᠷᠡᠭ ᠦᠨ ᠵᠣᠯᠢᠶᠠᠰᠤ ᠪᠣᠯᠬᠤ ᠠᠴᠠ ᠤᠷᠢᠳᠴᠢᠯᠠᠨ ᠰᠡᠷᠭᠡᠶᠢᠯᠡᠬᠦ ᠠᠵᠢᠯ ᠤᠳ ᠢ ᠪᠣᠳᠣᠯᠭ᠎ᠠ ᠶᠢᠨ ᠲᠦᠪᠰᠢᠨ ᠳᠦ ᠳᠡᠮᠵᠢᠵᠦ ᠠᠵᠢᠯᠯᠠᠬᠤ ᠳᠤ ᠴᠢᠭᠯᠡᠵᠦ ᠪᠠᠶᠢᠨ᠎ᠠ᠃ ᠡᠨᠡ ᠬᠦᠷᠢᠶᠡᠨ ᠳᠦ ᠬᠡᠦᠬᠡᠳ ᠬᠠᠮᠠᠭᠠᠯᠠᠯ ᠤᠨ ᠬᠠᠤᠯᠢ ᠶᠢᠨ ᠬᠡᠷᠡᠭᠵᠢᠯᠲᠡ ᠶᠢ ᠬᠠᠩᠭᠠᠬᠤ ᠲᠠᠯ᠎ᠠ ᠪᠠᠷ ᠬᠠᠮᠲᠤᠷᠠᠨ ᠠᠵᠢᠯᠯᠠᠬᠤ᠂ ᠴᠠᠬᠢᠮ ᠣᠷᠴᠢᠨ ᠳᠠᠬᠢ ᠣᠷᠣᠯᠴᠠᠭ᠎ᠠ᠂ ᠴᠠᠬᠢᠮ ᠭᠡᠮᠲᠦ ᠬᠡᠷᠡᠭ ᠡᠴᠡ ᠤᠷᠢᠳᠴᠢᠯᠠᠨ ᠰᠡᠷᠭᠡᠶᠢᠯᠡᠬᠦ ᠨᠥᠯᠥᠭᠡᠯᠡᠯ ᠦᠨ ᠠᠶᠠᠨ ᠢ ᠡᠷᠴᠢᠮᠵᠢᠭᠦᠯᠬᠦ᠂ ᠪᠦᠬᠦ ᠨᠡᠶᠢᠲᠡ ᠶᠢᠨ ᠳ᠋ᠢᠵᠢᠲᠠᠯ᠎ᠠ ᠪᠣᠯᠪᠠᠰᠤᠷᠠᠯ ᠢ ᠨᠡᠮᠡᠭᠳᠡᠭᠦᠯᠬᠦ ᠦᠨᠳᠦᠰᠦᠨ ᠦ ᠬᠥᠲᠥᠯᠪᠦᠷᠢ ᠳᠦ ᠬᠠᠮᠲᠤᠷᠠᠨ ᠠᠵᠢᠯᠯᠠᠬᠤ᠂ ᠥᠷᠭᠡᠨ ᠨᠡᠪᠲᠡᠷᠡᠭᠦᠯᠭᠡ ᠶᠢᠨ ᠤᠷᠴᠢᠨ ᠳᠤ ᠺᠣᠨᠲ᠋ᠧᠨᠲ ᠪᠦᠲᠦᠭᠡᠬᠦ ᠵᠡᠷᠭᠡ ᠬᠡᠳᠦ ᠬᠡᠳᠦᠨ ᠴᠢᠭᠯᠡᠯ ᠦᠳ ᠢᠶᠡᠷ ᠬᠠᠮᠲᠤᠷᠠᠵᠤ ᠠᠵᠢᠯᠯᠠᠬᠤ ᠰᠠᠨᠠᠯ ᠲᠠᠢ ᠪᠠᠶᠢᠭ᠎ᠠ ᠪᠠᠨ ᠢᠯᠡᠷᠬᠡᠶᠢᠯᠡᠭᠰᠡᠨ ᠶᠤᠮ᠃

ᠨᠢᠭᠡᠳᠦᠭᠰᠡᠨ ᠦᠨᠳᠦᠰᠦᠨ ᠦ ᠪᠠᠶᠢᠭᠤᠯᠤᠯᠭ᠎ᠠ ᠤᠨ ᠬᠡᠦᠬᠡᠳ ᠦᠨ ᠰᠠᠩ ᠤᠨ ᠮᠣᠩᠭᠣᠯ ᠤᠯᠤᠰ ᠳᠠᠬᠢ ᠰᠠᠭᠤᠷᠢᠨ ᠲᠥᠯᠥᠭᠡᠯᠡᠭᠴᠢ ᠧᠣᠠᠷᠢᠰᠲ᠋ᠧ ᠺᠣᠦ᠋ᠠᠰᠰᠢ-ᠺᠣᠮᠠᠯᠤᠨ ᠴᠠᠭ ᠵᠠᠪ ᠭᠠᠷᠭᠠᠨ ᠬᠦᠯᠢᠶᠡᠨ ᠠᠪᠴᠤ ᠠᠭᠤᠯᠵᠠᠭᠰᠠᠨ ᠴᠠ᠊ ᠬᠥᠭ᠊ ᠬᠠ᠊ ᠬᠣᠯ᠊ ᠤ ᠰᠠᠶᠢᠳ ᠨ ∙ ᠤᠴᠠᠷᠠᠯ ᠳᠤ ᠲᠠᠯᠠᠷᠬᠠᠵᠤ ᠪᠤᠢ ᠶᠢ ᠪᠠᠨ ᠢᠯᠡᠷᠬᠡᠶᠢᠯᠡᠭᠡᠳ᠂ ᠨᠢᠭᠡᠳᠦᠭᠰᠡᠨ ᠦᠨᠳᠦᠰᠦᠨ ᠦ ᠪᠠᠶᠢᠭᠤᠯᠤᠯᠭ᠎ᠠ ᠦᠨ ᠬᠡᠦᠬᠡᠳ ᠦᠨ ᠰᠠᠩ ᠤᠨ ᠳᠡᠭᠡᠳᠦ ᠤᠳᠤᠷᠢᠳᠤᠯᠭ᠎ᠠ ᠒᠍᠒᠓-᠒᠐᠒᠗ ᠣᠨ ᠳᠤ ᠠᠵᠢᠯᠯᠠᠬᠤ ᠦᠨᠳᠦᠰᠦᠨ ᠴᠢᠭᠯᠡᠯ ᠢ ᠪᠠᠲᠤᠯᠠᠭᠰᠠᠨ ᠭᠡᠯ᠎ᠡ᠃ ᠡᠨᠡ ᠬᠦᠷᠢᠶᠡᠨ ᠳᠦ ᠮᠣᠩᠭᠣᠯ ᠤᠯᠤᠰ ᠲᠤ ᠡᠷᠡᠭᠦᠯ ᠮᠡᠨᠳᠦ᠂ ᠪᠣᠯᠪᠠᠰᠤᠷᠠᠯ᠂ ᠬᠡᠦᠬᠡᠳ ᠬᠠᠮᠠᠭᠠᠯᠠᠯ᠂ ᠤᠰᠤᠨ ᠤ ᠡᠷᠡᠭᠦᠯ ᠠᠬᠤᠢ᠂ ᠨᠡᠶᠢᠭᠡᠮ ᠤᠨ ᠬᠠᠮᠠᠭᠠᠯᠠᠯ ᠭᠡᠰᠡᠨ ᠲᠠᠪᠤᠨ ᠰᠠᠯᠪᠤᠷᠢ ᠳᠤ ᠲᠦᠯᠬᠢᠭᠦᠦ ᠠᠩᠬᠠᠷᠴᠤ ᠠᠵᠢᠯᠯᠠᠬᠤ ᠪᠠᠷ ᠲᠥᠯᠥᠪᠯᠡᠭᠰᠡᠨ᠃ ᠲᠡᠶᠢᠮᠦ ᠡᠴᠡ ᠴᠠᠬᠢᠮ ᠣᠷᠴᠢᠨ ᠳᠠᠬᠢ ᠬᠡᠦᠬᠡᠳ ᠬᠠᠮᠠᠭᠠᠯᠠᠯ ᠤᠨ ᠴᠢᠭᠯᠡᠯ ᠢᠶᠡᠷ ᠨᠢᠭᠲᠠ ᠬᠠᠮᠲᠤᠷᠠᠨ ᠠᠵᠢᠯᠯᠠᠬᠤ ᠪᠣᠯᠤᠮᠵᠢ ᠲᠠᠢ ᠭᠡᠳᠡᠭ ᠢᠶᠡᠨ ᠢᠯᠡᠷᠬᠡᠶᠢᠯᠡᠯ᠎ᠡ᠃

ᠨᠡᠶᠢᠲᠡᠯᠡᠭᠰᠡᠨ᠄