《ᠱᠤᠤᠳᠠᠩ ᠤᠨ ᠰᠠᠯᠪᠤᠷᠢ ᠶᠢᠨ ᠵᠣᠬᠢᠴᠠᠭᠤᠯᠤᠯᠲᠠ ᠒᠐᠒᠒》 ᠵᠥᠪᠯᠡᠭᠡᠨ ᠪᠣᠯᠵᠤ ᠪᠠᠶᠢᠨ᠎ᠠ


ᠬᠠᠷᠢᠯᠴᠠᠭ᠎ᠠ ᠬᠣᠯᠪᠣᠭᠠᠨ ᠤ ᠵᠣᠬᠢᠴᠠᠭᠤᠯᠬᠤ ᠬᠣᠷᠢᠶᠠᠨ ᠠᠴᠠ 《ᠱᠤᠤᠳᠠᠩ ᠤᠨ ᠰᠠᠯᠪᠤᠷᠢ ᠶᠢᠨ ᠵᠣᠬᠢᠴᠠᠭᠤᠯᠤᠯᠲᠠ ᠒᠐᠒᠒》 ᠵᠥᠪᠯᠡᠭᠡᠨ ᠢ ᠥᠨᠥᠳᠥᠷ ᠒᠐᠒᠒-᠑᠑-᠒᠓) ᠵᠣᠬᠢᠶᠠᠨ ᠪᠠᠶᠢᠭᠤᠯᠵᠤ ᠪᠠᠶᠢᠨ᠎ᠠ᠃ ᠵᠢᠯ ᠪᠦᠷᠢ ᠵᠣᠬᠢᠶᠠᠨ ᠪᠠᠶᠢᠭᠤᠯᠳᠠᠭ ᠲᠤᠰ ᠵᠥᠪᠯᠡᠭᠡᠨ ᠦ ᠭᠣᠣᠯ ᠵᠣᠷᠢᠯᠭ᠎ᠠ ᠨᠢ ᠱᠤᠤᠳᠠᠩ ᠤᠨ ᠵᠣᠬᠢᠴᠠᠭᠤᠯᠤᠯᠲᠠ ᠶᠢ ᠪᠣᠯᠪᠠᠰᠤᠷᠠᠩᠭᠤᠢ ᠪᠣᠯᠭᠠᠬᠤ᠂ ᠱᠤᠤᠳᠠᠩ ᠤᠨ ᠰᠢᠨ᠎ᠡ ᠲᠥᠷᠥᠯ ᠦᠨ ᠦᠢᠯᠡᠴᠢᠯᠡᠭᠡ ᠬᠡᠷᠡᠭᠯᠡᠭᠡ ᠶᠢ ᠨᠡᠮᠡᠭᠳᠡᠭᠦᠯᠬᠦ᠂ ᠲᠡᠭᠡᠭᠡᠪᠦᠷᠢ ᠵᠠᠭᠤᠴᠢ᠂ ᠬᠠᠩᠭᠠᠨ ᠨᠡᠶᠢᠯᠡᠭᠦᠯᠦᠯᠲᠡ ᠶᠢᠨ ᠰᠦᠯᠵᠢᠶ᠎ᠡ᠂ ᠬᠢᠨᠠᠯᠲᠠ ᠶᠢᠨ ᠲᠣᠭᠲᠠᠯᠴᠠᠭ᠎ᠠ ᠶᠢ ᠰᠠᠶᠢᠵᠢᠷᠠᠭᠤᠯᠬᠤ ᠶᠠᠪᠤᠳᠠᠯ ᠶᠤᠮ᠃ ᠡᠨᠡ ᠤᠳᠠᠭ᠎ᠠ ᠶᠢᠨ ᠵᠥᠪᠯᠡᠭᠡᠨ ᠢᠶᠡᠷ ᠱᠤᠤᠳᠠᠩ ᠤᠨ ᠦᠢᠯᠡᠴᠢᠯᠡᠭᠡ ᠡᠷᠬᠢᠯᠡᠭᠴᠢᠳ ᠦᠨ ᠦᠢᠯᠡ ᠠᠵᠢᠯᠯᠠᠭᠠᠨ ᠳᠤ ᠲᠤᠯᠭᠠᠮᠳᠠᠵᠤ ᠪᠠᠶᠢᠭ᠎ᠠ ᠠᠰᠠᠭᠤᠳᠠᠯ ᠤᠳ ᠢ ᠬᠡᠯᠡᠯᠴᠡᠵᠦ᠂ ᠲᠡᠭᠡᠭᠡᠪᠦᠷᠢ ᠵᠠᠭᠤᠴᠢ ᠯᠣᠭᠢᠰᠲ᠋ᠢᠭ᠂ ᠤᠯᠤᠰ ᠬᠣᠭᠣᠷᠣᠨᠳᠣ ᠶᠢᠨ ᠱᠤᠤᠳᠠᠩ ᠤᠨ ᠲᠡᠭᠡᠭᠡᠪᠦᠷᠢᠯᠡᠯᠲᠡ᠂ ᠴᠠᠬᠢᠮ ᠬᠤᠳᠠᠯᠳᠤᠭᠠᠨ ᠤ ᠥᠨᠥ ᠶᠢᠨ ᠪᠠᠶᠢᠳᠠᠯ᠂ ᠱᠤᠤᠳᠠᠩ ᠤᠨ ᠪᠣᠯᠤᠨ ᠭᠠᠶᠢᠯᠢ ᠶᠢᠨ ᠪᠠᠶᠢᠭᠤᠯᠤᠯᠭ᠎ᠠ ᠶᠢᠨ ᠠᠵᠢᠯ ᠤᠨ ᠤᠶᠠᠯᠳᠤᠭ᠎ᠠ ᠬᠣᠯᠪᠣᠭ᠎ᠠ ᠵᠡᠷᠭᠡ ᠰᠡᠳᠦᠪ ᠦᠳ ᠢᠶᠡᠷ ᠬᠣᠯᠪᠣᠭᠳᠠᠬᠤ ᠠᠯᠪᠠᠨ ᠤ ᠬᠢᠨ ᠢᠯᠡᠳᠬᠡᠯ ᠲᠠᠯᠪᠢᠵᠤ᠂ ᠬᠡᠯᠡᠯᠴᠡᠭᠦᠯᠭᠡ ᠥᠷᠨᠢᠭᠦᠯᠬᠦ ᠶᠤᠮ᠃

ᠴᠠ᠊ ᠬᠥᠭ᠊ ᠬᠠ᠊ ᠬᠣᠯ᠊ ᠤ ᠶᠠᠮᠤᠨ ᠤ ᠬᠠᠷᠢᠯᠴᠠᠭ᠎ᠠ ᠬᠣᠯᠪᠣᠭᠠᠨ ᠤ ᠪᠣᠳᠣᠯᠭ᠎ᠠ ᠶᠢᠨ ᠬᠡᠷᠡᠭᠵᠢᠯᠲᠡ ᠶᠢ ᠵᠣᠬᠢᠴᠠᠭᠤᠯᠬᠤ ᠭᠠᠵᠠᠷ ᠤᠨ ᠳᠠᠷᠤᠭ᠎ᠠ ᠬ ∙ ᠡᠩᠬᠡᠮᠠᠩᠯᠠᠢ ᠡᠨᠡᠬᠦ ᠵᠥᠪᠯᠡᠭᠡᠨ ᠳᠦ ᠣᠷᠣᠯᠴᠠᠵᠤ ᠦᠭᠡ ᠬᠡᠯᠡᠬᠦ ᠳᠦ ᠪᠡᠨ᠂ ᠥᠩᠭᠡᠷᠡᠭᠰᠡᠨ ᠬᠣᠶᠠᠷ ᠵᠢᠯ ᠦᠨ ᠬᠤᠭᠤᠴᠠᠭᠠᠨ ᠳᠤ ᠳᠡᠯᠡᠬᠡᠢ ᠨᠡᠶᠢᠲᠡ ᠶᠢᠨ ᠴᠠᠷ ᠴᠠᠷ ᠲᠠᠬᠤᠯ ᠠᠴᠠ ᠤᠯᠪᠠᠭᠠᠯᠠᠨ ᠤᠯᠤᠰ ᠣᠷᠣᠨ ᠨᠤᠭᠤᠳ ᠬᠢᠯᠢ ᠪᠡᠨ ᠬᠠᠭᠠᠵᠤ᠂ ᠱᠤᠤᠳᠠᠩ ᠤᠨ ᠰᠠᠯᠪᠤᠷᠢ ᠳᠤ ᠬᠦᠨᠳᠦᠬᠡᠨ ᠨᠥᠬᠥᠴᠡᠯ ᠪᠠᠶᠢᠳᠠᠯ ᠡᠭᠦᠰᠦᠭᠰᠡᠨ ᠬᠡᠳᠦᠢ ᠴᠤ ᠪᠢᠳᠡ ᠡᠭᠦᠨ ᠢ ᠠᠮᠵᠢᠯᠲᠠᠲᠠᠢ ᠳᠠᠪᠠᠨ ᠲᠤᠭᠤᠯᠤᠭᠰᠠᠨ᠃ ᠨᠥᠭᠥᠭᠡ ᠲᠠᠯ᠎ᠠ ᠪᠠᠷ ᠴᠠᠬᠢᠮ ᠬᠤᠳᠠᠯᠳᠤᠭ᠎ᠠ᠂ ᠱᠤᠤᠳᠠᠩ ᠤᠨ ᠵᠠᠬᠢᠶᠠᠯᠠᠭ᠎ᠠ ᠳᠤ ᠬᠦᠷᠭᠡᠯᠲᠡ ᠶᠢᠨ ᠦᠢᠯᠡᠴᠢᠯᠡᠭᠡᠨ ᠦ ᠬᠥᠭᠵᠢᠯ ᠬᠤᠷᠳᠤᠰᠴᠤ᠂ ᠢᠷᠭᠡᠳ ᠦᠨ ᠵᠦᠭ ᠡᠴᠡ ᠡᠨᠡ ᠰᠠᠯᠪᠤᠷᠢ ᠶᠢ ᠡᠳᠦᠷ ᠲᠤᠲᠤᠮ ᠤᠨ ᠠᠮᠢᠳᠤᠷᠠᠯ ᠤᠨ ᠰᠠᠯᠤᠰᠢ ᠦᠭᠡᠢ ᠬᠡᠰᠡᠭ ᠭᠡᠳᠡᠭ ᠲᠦ ᠢᠲᠡᠭᠡᠯ ᠲᠡᠢ ᠪᠣᠯᠵᠤ᠂ ᠱᠤᠤᠳᠠᠩ ᠤᠨ ᠰᠠᠯᠪᠤᠷᠢ ᠳᠤ ᠠᠬᠢᠴᠠ ᠠᠪᠴᠢᠷᠠᠭᠰᠠᠨ ᠴᠤ ᠡᠷᠦᠯᠲᠡ ᠶᠢ ᠬᠠᠩᠭᠠᠬᠤ ᠰᠲᠷᠠᠲ᠋ᠧᠭᠢ ᠨᠢ ᠳᠡᠯᠡᠬᠡᠢ ᠳᠠᠶᠠᠭᠠᠷ ᠲᠤᠯᠭᠠᠮᠳᠠᠭᠰᠠᠨ ᠠᠰᠠᠭᠤᠳᠠᠯ ᠪᠣᠯᠤᠭᠠᠳ ᠪᠠᠶᠢᠨ᠎ᠠ᠃ ᠣᠳᠣ ᠶᠢᠨ ᠪᠠᠶᠢᠳᠠᠯ ᠢᠶᠠᠷ ᠴᠠᠬᠢᠮ ᠰᠢᠯᠵᠢᠯᠲᠡ᠂ last-mile delivery ᠪᠣᠯᠤᠨ ᠶᠡcommerce ᠭᠡᠰᠡᠨ ᠰᠡᠳᠦᠪ ᠦᠳ ᠨᠢ ᠳᠡᠯᠡᠬᠡᠢ ᠳ᠋ᠠᠬᠢᠨ ᠤ ᠭᠣᠣᠯᠯᠠᠬᠤ ᠰᠡᠳᠦᠪ ᠦᠳ ᠪᠣᠯᠤᠭᠠᠳ ᠪᠠᠶᠢᠨ᠎ᠠ᠃ ᠮᠠᠨ ᠤ ᠣᠷᠣᠨ ᠳᠤ ᠴᠤ ᠡᠨᠡᠬᠦ ᠠᠰᠠᠭᠤᠳᠠᠯ ᠤᠳ ᠢ ᠲᠥᠷᠦ ᠵᠠᠰᠠᠭ ᠤᠨ ᠵᠦᠭ ᠡᠴᠡ ᠣᠨᠴᠠᠭᠠᠶᠢᠯᠠᠨ ᠠᠩᠬᠠᠷᠴᠤ ᠪᠠᠶᠢᠨ᠎ᠠ᠃ ᠵᠠᠰᠠᠭ ᠤᠨ ᠭᠠᠵᠠᠷ ᠠᠴᠠ ᠰᠠᠯᠪᠤᠷᠢ ᠪᠦᠷᠢ ᠳᠦ ᠴᠠᠬᠢᠮ ᠰᠢᠯᠵᠢᠯᠲᠡ ᠶᠢ ᠬᠤᠷᠳᠤᠰᠬᠠᠬᠤ ᠳᠤ ᠣᠨᠴᠠᠭᠠᠢ ᠠᠩᠬᠠᠷᠴᠤ ᠠᠵᠢᠯᠯᠠᠵᠤ ᠪᠠᠶᠢᠨ᠎ᠠ᠃ ᠡᠨᠡ ᠬᠦᠷᠢᠶᠡᠨ ᠳᠦ ᠨᠡᠶᠢᠲᠡ 174 ᠬᠠᠤᠯᠢ ᠶᠢᠨ ᠬᠠᠤᠯᠢ ᠳᠤ ᠥᠭᠡᠷᠡᠴᠢᠯᠡᠯᠲᠡ ᠤᠷᠤᠭᠤᠯᠬᠤ ᠱᠠᠭᠠᠷᠳᠠᠯᠭ᠎ᠠ ᠲᠠᠢ ᠭᠡᠳᠡᠭ ᠢ ᠣᠨᠴᠠᠯᠠᠯ᠎ᠠ᠃

2020-2022 ᠣᠨ ᠳᠤ ᠲᠡᠭᠡᠭᠡᠪᠦᠷᠢ ᠶᠢᠨ ᠰᠠᠯᠪᠤᠷᠢ ᠶᠢᠨ ᠦᠢᠯᠡ ᠠᠵᠢᠯᠯᠠᠭ᠎ᠠ ᠨᠢ ᠳᠡᠯᠡᠬᠡᠢ ᠶᠢᠨ ᠬᠤᠳᠠᠯᠳᠤᠭᠠᠨ ᠤ ᠬᠠᠮᠤᠭ ᠤᠨ ᠴᠢᠬᠤᠯᠠ ᠴᠢᠰᠤᠨ ᠤ ᠡᠷᠭᠢᠯᠲᠡ ᠭᠡᠳᠡᠭ ᠢ ᠬᠠᠷᠠᠭᠤᠯᠤᠭᠰᠠᠨ᠃ 2023 ᠣᠨ ᠳᠤ ᠳᠡᠯᠡᠬᠡᠢ ᠶᠢᠨ ᠲᠡᠭᠡᠭᠡᠪᠦᠷᠢ ᠶᠢᠨ ᠰᠠᠯᠪᠤᠷᠢ ᠡᠷᠢᠯ ᠳᠦ ᠪᠠᠭᠤᠷᠠᠭᠰᠠᠨ ᠤ ᠦᠷ᠎ᠡ ᠳᠦᠩ ᠳᠦ ᠡᠮᠦᠨᠡᠬᠢ ᠬᠣᠶᠠᠷ ᠵᠢᠯ ᠳᠦ ᠡᠭᠦᠰᠦᠭᠰᠡᠨ ᠬᠡᠲᠦ ᠶᠡᠬᠡ ᠡᠷᠢᠯ ᠳᠦ᠂ ᠲᠦᠭᠵᠢᠷᠡᠯ ᠬᠡᠪ ᠦᠨ ᠪᠠᠶᠢᠳᠠᠯ ᠳᠤ ᠤᠷᠤᠬᠤ ᠲᠥᠯᠥᠪᠲᠡᠢ ᠪᠠᠶᠢᠨ᠎ᠠ᠃ ᠮᠣᠩᠭᠣᠯ ᠤᠯᠤᠰ ᠬᠤᠳᠠᠯᠳᠤᠭᠠᠨ ᠤ ᠰᠠᠯᠪᠤᠷᠢ ᠲᠡᠷᠡ ᠳᠤᠮᠳᠠ ᠪᠠᠨ ᠢᠮᠫᠣᠷᠲ ᠠᠴᠠ ᠮᠠᠰᠢ ᠥᠨᠳᠥᠷ ᠬᠠᠮᠢᠶᠠᠷᠤᠯ ᠲᠠᠢ ᠪᠣᠯᠪᠠᠴᠤ ᠲᠡᠭᠡᠭᠡᠪᠦᠷᠢ ᠶᠢᠨ ᠳᠡᠳ᠋ ᠪᠦᠲᠦᠴᠡ ᠶᠢᠨ ᠬᠥᠭᠵᠢᠯ ᠰᠤᠯᠠ ᠪᠠᠶᠢᠭᠰᠠᠨ ᠢᠶᠠᠷ ᠢᠶᠠᠨ ᠤᠯᠤᠰ ᠢᠶᠠᠷ ᠢᠶᠠᠨ ᠬᠣᠬᠢᠷᠠᠭᠰᠠᠨ᠃ ᠴᠢᠨᠠᠭᠰᠢᠳᠠ ᠲᠡᠭᠡᠭᠡᠪᠦᠷᠢ ᠯᠣᠭᠢᠰᠲ᠋ᠢᠭ ᠤᠨ ᠳᠡᠳ᠋ ᠪᠦᠲᠦᠴᠡ ᠶᠢ ᠰᠠᠶᠢᠵᠢᠷᠠᠭᠤᠯᠬᠤ᠂ ᠭᠠᠳᠠᠭᠠᠳᠤ ᠬᠤᠳᠠᠯᠳᠤᠭᠠᠨ ᠤ ᠬᠠᠮᠢᠶᠠᠷᠤᠯ ᠢᠶᠠᠨ ᠪᠠᠭᠤᠷᠠᠭᠤᠯᠬᠤ ᠱᠠᠭᠠᠷᠳᠠᠯᠭ᠎ᠠ ᠲᠠᠢ᠃ ᠭᠠᠳᠠᠨ᠎ᠠ ᠠᠴᠠ ᠢᠷᠡᠭᠦᠯᠵᠦ ᠪᠤᠢ ᠰᠢᠤᠳᠠᠨ ᠢᠯᠡᠭᠡᠮᠵᠢ ᠶᠢᠨ ᠲᠣᠭ᠎ᠠ 2020 ᠣᠨ ᠲᠠᠢ ᠬᠠᠷᠢᠴᠠᠭᠤᠯᠬᠤ ᠳᠤ 2021 ᠣᠨ ᠳᠤ 53% ᠥᠰᠦᠭᠰᠡᠨ ᠲᠠᠯ᠎ᠠ ᠪᠠᠷ ᠵᠥᠪᠯᠡᠭᠡᠨ ᠦ ᠦᠶ᠎ᠡ ᠪᠡᠷ ᠬᠡᠯᠡᠯᠴᠡᠯ᠎ᠡ᠃

ᠡᠨᠡᠬᠦ ᠵᠥᠪᠯᠡᠭᠡᠨ ᠳᠦ ᠱᠤᠤᠳᠠᠩ ᠤᠨ ᠰᠠᠯᠪᠤᠷᠢ ᠳᠤ ᠦᠢᠯᠡᠴᠢᠯᠡᠭᠡ ᠡᠷᠬᠢᠯᠡᠭᠴᠢᠳ᠂ ᠲᠥᠷᠦ᠂ ᠬᠤᠪ ᠤᠨ ᠬᠡᠪᠰᠢᠯ ᠦᠨ ᠑᠒᠐ ᠣᠷᠴᠢᠮ ᠲᠥᠯᠦᠭᠡᠯᠡᠭᠴᠢᠳ ᠣᠷᠣᠯᠴᠠᠵᠤ᠂ ᠰᠠᠯᠪᠤᠷᠢ ᠶᠢᠨ ᠥᠨᠥ ᠶᠢᠨ ᠪᠠᠶᠢᠳᠠᠯ᠂ ᠢᠷᠡᠭᠡᠳᠦᠢ ᠶᠢᠨ ᠴᠢᠭ ᠬᠠᠨᠳᠤᠯᠭ᠎ᠠ᠂ ᠲᠤᠯᠭᠠᠮᠳᠠᠭᠰᠠᠨ ᠠᠰᠠᠭᠤᠳᠠᠯ᠂ ᠭᠠᠷᠴᠠ ᠰᠢᠢᠳᠦᠯ ᠦᠨ ᠲᠠᠯ᠎ᠠ ᠪᠠᠷ ᠰᠠᠨᠠᠯ᠂ ᠪᠣᠳᠣᠯ ᠢᠶᠠᠨ ᠰᠣᠯᠢᠯᠴᠠᠵᠤ ᠪᠠᠶᠢᠨ᠎ᠠ᠃

ᠨᠡᠶᠢᠲᠡᠯᠡᠭᠰᠡᠨ᠄