ᠪᠠᠩᠬᠢ ᠢᠷᠭᠡᠨ ᠡᠴᠡ ᠖᠙ ᠲᠥᠷᠥᠯ ᠦᠨ ᠯᠠᠪᠯᠠᠭᠠᠭ᠎ᠠ᠂ ᠲᠣᠳᠣᠷᠬᠠᠶᠢᠯᠠᠯᠲᠠ ᠱᠠᠭᠠᠷᠳᠠᠳᠠᠭ ᠦᠭᠡᠢ ᠪᠣᠯᠤᠨ᠎ᠠ


ᠴᠠᠬᠢᠮ ᠬᠥᠭᠵᠢᠯ᠂ ᠬᠠᠷᠢᠯᠴᠠᠭ᠎ᠠ ᠬᠣᠯᠪᠣᠭᠠᠨ ᠤ ᠶᠠᠮᠤ᠂ ᠭᠠᠶᠢᠯᠢ᠂ ᠲᠠᠲᠠᠪᠤᠷᠢ᠂ ᠰᠠᠩᠬᠦᠦ ᠶᠢᠨ ᠮᠡᠳᠡᠭᠡᠯᠡᠯ ᠦᠨ ᠲᠧᠭᠨᠣᠯᠣᠭᠢ ᠶᠢᠨ ᠲᠥᠪ᠂ ᠦᠨᠳᠦᠰᠦᠨ ᠦ ᠳᠠᠲ᠋ᠠ ᠲᠥᠪ᠂ ᠤᠯᠤᠰ ᠤᠨ ᠪᠦᠷᠢᠳᠬᠡᠯ ᠦᠨ ᠶᠡᠷᠦᠩᠬᠡᠢ ᠭᠠᠵᠠᠷ᠂ ᠮᠣᠩᠭᠣᠯ ᠪᠠᠩᠬᠢ 《ᠢ-ᠮᠣᠩᠭᠣᠯ》 ᠠᠺᠠᠳᠧᠮᠢ ᠬᠠᠮᠲᠤᠷᠠᠨ ᠯᠠᠪᠯᠠᠭᠠᠨ ᠤ ᠳᠤᠮᠳᠠ ᠶᠢᠨ ᠰᠢᠰᠲ᠋ᠧᠮ (lavlagaa.e-mongolia.mn) ᠬᠥᠭᠵᠢᠭᠦᠯᠵᠦ᠂ ᠪᠠᠩᠬᠢᠨ ᠤ ᠰᠠᠯᠪᠤᠷᠢ ᠶᠢᠨ ᠳᠡᠮᠵᠢᠯᠭᠡ ᠲᠡᠢ ᠪᠡᠷ ᠦᠢᠯᠡᠴᠢᠯᠡᠭᠡᠨ ᠳᠦ ᠨᠡᠪᠲᠡᠷᠡᠭᠦᠯᠵᠦ ᠡᠬᠢᠯᠡᠯ᠎ᠡ᠃

ᠢᠷᠭᠡᠳ 《ᠢ-ᠮᠣᠩᠭᠣᠯ》 ᠍ ᠠᠴᠠ ᠠᠪᠤᠭᠰᠠᠨ ᠯᠠᠪᠯᠠᠭᠠᠭ᠎ᠠ᠂ ᠲᠣᠳᠣᠷᠬᠠᠶᠢᠯᠠᠯᠲᠠ ᠪᠠᠨ ᠵᠠᠪᠠᠯ ᠬᠡᠪᠯᠡᠵᠦ᠂ ᠴᠠᠭᠠᠰᠤᠨ ᠬᠡᠯᠪᠡᠷᠢ ᠪᠡᠷ ᠪᠠᠩᠺᠠᠨ ᠳᠤ ᠥᠭᠴᠦ ᠦᠢᠯᠡᠴᠢᠯᠡᠭᠡ ᠠᠪᠳᠠᠭ ᠪᠠᠶᠢᠭᠰᠠᠨ ᠪᠣᠯ ᠣᠳᠣ ᠪᠠᠩᠬᠢᠨ ᠤ ᠦᠢᠯᠡᠴᠢᠯᠡᠭᠡᠨ ᠦ ᠠᠵᠢᠯᠲᠠᠨ᠂ ᠡᠳ᠋ ᠍ ᠦᠨ ᠵᠠᠰᠠᠭᠴᠢ ᠢᠷᠭᠡᠨ ᠡᠴᠡ ᠵᠥᠪᠰᠢᠶᠡᠷᠡᠯ ᠠᠪᠴᠤ᠂ ᠲᠤᠰ ᠰᠢᠰᠲ᠋ᠧᠮ ᠡᠴᠡ ᠮᠡᠳᠡᠭᠡᠯᠡᠯ ᠢ ᠨᠢ ᠹᠠᠶᠢᠯ (pdf) ᠬᠡᠯᠪᠡᠷᠢ ᠪᠡᠷ ᠲᠠᠲᠠᠵᠤ ᠠᠪᠤᠭᠠᠳ᠂ ᠦᠢᠯᠡᠴᠢᠯᠡᠭᠡ ᠦᠵᠡᠭᠦᠯᠳᠡᠭ ᠪᠣᠯᠤᠯ᠎ᠠ᠃
ᠥᠭᠡᠷ᠎ᠡ ᠪᠡᠷ ᠬᠡᠯᠡᠪᠡᠯ ᠪᠠᠩᠬᠢ ᠢᠷᠭᠡᠨ ᠡᠴᠡ ᠯᠠᠪᠯᠠᠭᠠᠭ᠎ᠠ᠂ ᠲᠣᠳᠣᠷᠬᠠᠶᠢᠯᠠᠯᠲᠠ ᠱᠠᠭᠠᠷᠳᠠᠳᠠᠭ ᠦᠭᠡᠢ ᠪᠣᠯᠵᠤ᠂ ᠴᠠᠭᠠᠰᠤᠨ ᠬᠡᠷᠡᠭᠯᠡᠭᠡ ᠶᠢ ᠬᠠᠯᠠᠯ ᠢᠶᠠᠨ᠃

ᠨᠡᠶᠢᠲᠡᠯᠡᠭᠰᠡᠨ᠄