ᠬᠠᠷᠢᠯᠴᠠᠭ᠎ᠠ ᠬᠣᠯᠪᠣᠭ᠎ᠠ᠂ ᠮᠡᠳᠡᠭᠡᠯᠡᠯ ᠦᠨ ᠲᠧᠭᠨᠣᠯᠣᠭᠢ ᠶᠢᠨ ᠰᠠᠯᠪᠤᠷᠢ ᠶᠢᠨ ᠠᠯᠪᠠᠨ ᠬᠠᠭᠠᠭᠴᠢᠳ 《ᠡᠷᠦᠰᠳᠡᠯ ᠳᠦ ᠰᠠᠭᠤᠷᠢᠯᠠᠭᠰᠠᠨ ᠳᠣᠲᠣᠭᠠᠳᠤ ᠠᠦ᠋ᠳᠢᠲ》 ᠍ ᠤᠨ ᠴᠢᠭᠯᠡᠯ ᠢᠶᠡᠷ ᠴᠢᠳᠠᠪᠬᠢᠵᠢᠵᠦ ᠪᠠᠶᠢᠨ᠎ᠠ


ᠴᠠ᠊ ᠬᠥᠭ᠊ ᠬᠠ᠊ ᠬᠣᠯ᠊ ᠤ ᠬᠢᠨᠠᠯᠲᠠ ᠰᠢᠨᠵᠢᠯᠡᠭᠡ᠂ ᠦᠨᠡᠯᠡᠭᠡ᠂ ᠳᠣᠲᠣᠭᠠᠳᠤ ᠠᠦ᠋ᠳᠢᠲ ᠤᠨ ᠭᠠᠵᠠᠷ ᠠᠴᠠ ᠰᠠᠯᠪᠤᠷᠢ ᠶᠢᠨ ᠪᠣᠯᠤᠨ ᠬᠠᠷᠢᠶ᠎ᠠ ᠪᠠᠶᠢᠭᠤᠯᠤᠯᠭ᠎ᠠ ᠨᠤᠭᠤᠳ ᠤᠨ ᠳᠣᠲᠣᠭᠠᠳᠤ ᠠᠦ᠋ᠳᠢᠲ ᠤᠨ ᠲᠣᠭᠲᠠᠯᠴᠠᠭ᠎ᠠ ᠶᠢ ᠪᠡᠬᠢᠵᠢᠭᠦᠯᠬᠦ᠂ ᠲᠡᠭᠦᠨ ᠦ ᠲᠥᠯᠥᠪᠯᠡᠯᠲᠡ᠂ ᠬᠡᠷᠬᠢᠨ ᠭᠦᠢᠴᠡᠳᠭᠡᠬᠦ ᠦᠶ᠎ᠡ ᠱᠠᠲᠤ ᠪᠦᠷᠢ ᠶᠢ ᠨᠠᠷᠢᠪᠴᠢᠯᠠᠨ ᠲᠣᠳᠣᠷᠬᠠᠶᠢᠯᠠᠬᠤ᠂ ᠦᠢᠯᠡ ᠠᠵᠢᠯᠯᠠᠭᠠᠨ ᠤ ᠰᠲ᠋ᠠᠨᠳᠠᠷᠲ᠂ ᠠᠷᠭ᠎ᠠ ᠵᠦᠢ ᠶᠢᠨ ᠤᠳᠤᠷᠢᠳᠤᠯᠭ᠎ᠠ ᠪᠠᠷ ᠬᠠᠩᠭᠠᠬᠤ ᠵᠣᠷᠢᠯᠭ᠎ᠠ ᠪᠠᠷ СЭЗИС ᠍ ᠦᠨ ᠨᠢᠭᠲᠠᠯᠠᠨ ᠪᠣᠳᠣᠬᠤ ᠪᠦᠷᠢᠳᠬᠡᠯ ᠦᠨ ᠲᠢᠩᠬᠢᠮ ᠲᠡᠢ ᠬᠠᠮᠲᠤᠷᠠᠨ 《ᠳᠣᠲᠣᠭᠠᠳᠤ ᠠᠦ᠋ᠳᠢᠲ ᠤᠨ ᠲᠤᠬᠠᠢ᠂ ᠲᠡᠭᠦᠨ ᠦ ᠦᠶ᠎ᠡ ᠱᠠᠲᠤ ᠨᠤᠭᠤᠳ》 ᠰᠤᠷᠭᠠᠯᠲᠠ ᠶᠢ ᠥᠨᠥᠳᠥᠷ (2022.11.25) ᠵᠣᠬᠢᠶᠠᠨ ᠪᠠᠶᠢᠭᠤᠯᠵᠤ ᠪᠠᠶᠢᠨ᠎ᠠ᠃

ᠰᠤᠷᠭᠠᠯᠲᠠ ᠳᠤ ᠴᠠ᠊ ᠬᠥᠭ᠊ ᠬᠠ᠊ ᠬᠣᠯ᠊ ᠤ ᠶᠠᠮᠤᠨ ᠤ ᠍ ᠤ ᠰᠠᠩᠬᠦᠦ ᠬᠥᠷᠥᠩᠭᠡ ᠣᠷᠣᠭᠤᠯᠤᠯᠲᠠ ᠶᠢᠨ ᠬᠡᠯᠲᠡᠰ ᠪᠣᠯᠤᠨ ᠬᠠᠷᠢᠶ᠎ᠠ᠂ ᠰᠠᠯᠪᠤᠷᠢ ᠪᠠᠶᠢᠭᠤᠯᠤᠯᠭ᠎ᠠ ᠶᠢᠨ ᠰᠠᠩᠬᠦᠦ ᠶᠢᠨ ᠠᠯᠪᠠ᠂ ᠳᠣᠲᠣᠭᠠᠳᠤ ᠠᠦ᠋ᠳᠢᠲ᠂ ᠬᠢᠨᠠᠯᠲᠠ ᠰᠢᠨᠵᠢᠯᠡᠭᠡ᠂ ᠦᠨᠡᠯᠡᠭᠡᠨ ᠦ ᠭᠠᠵᠠᠷ᠂ ᠬᠡᠯᠲᠡᠰ ᠦᠨ 30 ᠣᠷᠴᠢᠮ ᠠᠯᠪᠠᠨ ᠬᠠᠭᠠᠭᠴᠢᠳ ᠬᠠᠮᠤᠷᠤᠭᠳᠠᠵᠤ ᠪᠠᠶᠢᠨ᠎ᠠ᠃

ᠨᠡᠶᠢᠲᠡᠯᠡᠭᠰᠡᠨ᠄