ᠴᠠ᠊ ᠬᠥᠭ᠊ ᠬᠠ᠊ ᠬᠣᠯ᠊ ᠤ ᠶᠠᠮᠤ᠂ ᠣᠯᠠᠨ ᠤᠯᠤᠰ ᠤᠨ ᠣᠯᠪᠤᠷᠢᠯᠠᠬᠤ ᠰᠠᠯᠪᠤᠷᠢ ᠶᠢᠨ ᠢᠯᠡ ᠲᠣᠳᠣ ᠪᠠᠶᠢᠳᠠᠯ ᠤᠨ ᠰᠠᠨᠠᠭᠠᠴᠢᠯᠠᠭ᠎ᠠ (ОСИТБС) ᠍ ᠲᠠᠢ ᠬᠠᠮᠲᠤᠷᠠᠵᠤ ᠠᠵᠢᠯᠯᠠᠨ᠎ᠠ


ᠴᠠ᠊ ᠬᠥᠭ᠊ ᠬᠠ᠊ ᠬᠣᠯ᠊ ᠤ ᠶᠠᠮᠤᠨ ᠤ ᠲᠥᠷᠦ ᠶᠢᠨ ᠨᠠᠷᠢᠨ ᠪᠢᠴᠢᠭ ᠦᠨ ᠳᠠᠷᠤᠭ᠎ᠠ ᠴ ∙ ᠵᠣᠯᠪᠠᠶᠠᠷ᠂ ᠣᠯᠠᠨ ᠤᠯᠤᠰ ᠤᠨ ᠣᠯᠪᠤᠷᠢᠯᠠᠬᠤ ᠰᠠᠯᠪᠤᠷᠢ ᠶᠢᠨ ᠢᠯᠡ ᠲᠣᠳᠣ ᠪᠠᠶᠢᠳᠠᠯ ᠤᠨ ᠰᠠᠨᠠᠭᠠᠴᠢᠯᠠᠭ᠎ᠠ (ОСИТБС) ᠍ ᠶᠢᠨ ᠨᠠᠷᠢᠨ ᠪᠢᠴᠢᠭ ᠦᠨ ᠳᠠᠷᠤᠭ᠎ᠠ ᠨᠠᠷ ᠤᠨ ᠭᠠᠵᠠᠷ ᠤᠨ ᠮᠧᠨᠧᠵᠧᠷ ᠯᠶᠤᠶᠢᠰᠢᠶᠠ ᠴᠢᠷᠢᠮᠧᠯᠠ᠂ 《ᠨᠡᠭᠡᠭᠡᠯᠲᠡ ᠲᠡᠢ ᠥᠮᠴᠢᠯᠡᠯ》 ᠪᠠᠶᠢᠭᠤᠯᠤᠯᠭ᠎ᠠ ᠶᠢᠨ ᠮᠧᠨᠧᠵᠧᠷ ᠡᠮᠢᠯᠯᠢ ᠮᠠᠨᠤᠡᠯ ᠨᠠᠷ ᠢ ᠬᠦᠯᠢᠶᠡᠨ ᠠᠪᠴᠤ ᠠᠭᠤᠯᠵᠠᠯ᠎ᠠ᠃

ᠳᠡᠯᠡᠬᠡᠢ ᠶᠢᠨ 60 ᠭᠠᠷᠤᠢ ᠤᠯᠤᠰ ᠲᠤ ᠬᠡᠷᠡᠭᠵᠢᠵᠦ ᠪᠤᠢ ОСИТБС ᠨᠢ ᠠᠭᠤᠯᠠ ᠠᠭᠤᠷᠬᠠᠢ᠂ ᠭᠠᠵᠠᠷ ᠤᠨ ᠲᠣᠰᠤᠨ ᠤ ᠰᠠᠯᠪᠤᠷᠢ ᠳᠤ ᠢᠯᠡ ᠲᠣᠳᠣ ᠪᠠᠶᠢᠳᠠᠯ ᠢ ᠨᠡᠮᠡᠭᠳᠡᠭᠦᠯᠵᠦ ᠰᠠᠶᠢᠨ ᠵᠠᠰᠠᠭᠯᠠᠯ ᠢ ᠪᠡᠬᠢᠵᠢᠭᠦᠯᠬᠦ ᠴᠢᠭᠯᠡᠯ ᠢᠶᠡᠷ ᠦᠢᠯᠡ ᠠᠵᠢᠯᠯᠠᠭ᠎ᠠ ᠶᠠᠪᠤᠭᠤᠯᠳᠠᠭ ᠪᠥᠭᠡᠳ ᠮᠣᠩᠭᠣᠯ ᠤᠯᠤᠰ 2006 ᠣᠨ ᠳᠤ ᠠᠩᠬ᠎ᠠ ᠨᠢᠭᠡᠳᠦᠨ ᠣᠷᠣᠭᠰᠠᠨ᠃

ᠤᠭ ᠰᠠᠨᠠᠭᠠᠴᠢᠯᠠᠭ᠎ᠠ ᠠᠴᠠ ᠨᠡᠭᠡᠭᠡᠯᠲᠡ ᠲᠡᠢ ᠥᠮᠴᠢᠯᠡᠯ ᠪᠠᠶᠢᠭᠤᠯᠤᠯᠭ᠎ᠠ ᠲᠠᠢ ᠬᠠᠮᠲᠤᠷᠠᠨ ᠮᠣᠩᠭᠣᠯ ᠵᠡᠷᠭᠡ 11 ᠤᠯᠤᠰ ᠲᠤ ᠬᠡᠷᠡᠭᠵᠢᠭᠦᠯᠵᠦ ᠪᠤᠢ 《ᠣᠯᠪᠤᠷᠢᠯᠠᠬᠤ ᠰᠠᠯᠪᠤᠷᠢ ᠶᠢ ᠨᠡᠭᠡᠭᠡᠬᠦ ᠨᠢ》 ᠬᠥᠲᠥᠯᠪᠦᠷᠢ ᠶᠢᠨ ᠬᠦᠷᠢᠶᠡᠨ ᠳᠦ ᠣᠯᠪᠤᠷᠢᠯᠠᠬᠤ ᠺᠣᠮᠫᠠᠨᠢ ᠨᠤᠭᠤᠳ ᠤᠨ ᠡᠴᠦᠰ ᠦᠨ ᠥᠮᠴᠢᠯᠡᠭᠴᠢᠳ ᠦᠨ ᠮᠡᠳᠡᠭᠡᠯᠡᠯ ᠢ ᠢᠯᠡ ᠲᠣᠳᠣ ᠪᠠᠶᠢᠯᠭᠠᠬᠤ ᠵᠠᠮ ᠢᠶᠠᠷ ᠠᠪᠤᠯ ᠶᠢᠨ ᠡᠷᠦᠰᠳᠡᠯ ᠢ ᠪᠠᠭᠤᠷᠠᠭᠤᠯᠬᠤ ᠶᠢ ᠵᠣᠷᠢᠵᠤ ᠪᠠᠶᠢᠨ᠎ᠠ᠃

ᠠᠭᠤᠯᠵᠠᠯᠲᠠ ᠶᠢᠨ ᠦᠶ᠎ᠡ ᠪᠡᠷ ᠲᠠᠯ᠎ᠠ ᠨᠤᠭᠤᠳ ᠣᠯᠪᠤᠷᠢᠯᠠᠬᠤ ᠰᠠᠯᠪᠤᠷᠢ ᠶᠢᠨ ᠢᠯᠡ ᠲᠣᠳᠣ ᠪᠠᠶᠢᠳᠠᠯ ᠢ ᠨᠡᠮᠡᠭᠳᠡᠭᠦᠯᠵᠦ ᠲᠤᠰ ᠰᠠᠯᠪᠤᠷᠢ ᠶᠢᠨ ᠮᠡᠳᠡᠭᠡᠯᠡᠯ ᠦᠳ ᠢ ᠲᠥᠷᠦ ᠶᠢᠨ ᠨᠡᠭᠡᠭᠡᠯᠲᠡ ᠲᠡᠢ ᠥᠭᠭᠥᠭᠳᠡᠯ ᠦᠨ ᠰᠢᠰᠲ᠋ᠧᠮ ᠳᠦ ᠪᠠᠶᠢᠷᠢᠰᠢᠭᠤᠯᠵᠤ᠂ ᠴᠢᠨᠠᠭᠰᠢᠳᠠ ᠰᠢᠰᠲ᠋ᠧᠮ ᠬᠣᠭᠣᠷᠣᠨᠳᠣ ᠶᠢᠨ ᠤᠶᠠᠯᠳᠤᠭ᠎ᠠ ᠶᠢ ᠬᠡᠷᠬᠢᠨ ᠬᠠᠩᠭᠠᠬᠤ ᠲᠠᠯ᠎ᠠ ᠪᠠᠷ ᠰᠠᠨᠠᠯ ᠰᠣᠯᠢᠯᠴᠠᠵᠤ᠂ ᠬᠠᠮᠲᠤᠷᠠᠨ ᠠᠵᠢᠯᠯᠠᠬᠤ ᠪᠠᠷ ᠪᠣᠯᠤᠯ᠎ᠠ᠃

ᠨᠡᠶᠢᠲᠡᠯᠡᠭᠰᠡᠨ᠄