ᠮᠣᠩᠭᠣᠯ ᠤᠨ ᠰᠠᠨᠰᠠᠷ ᠤᠨ ᠦᠨᠳᠦᠰᠦᠨ ᠦ ᠵᠥᠪᠯᠡᠯ᠂ ОНДО ᠰᠫᠧᠢᠰ ХХК ᠨᠠᠷ ᠶᠠᠫᠣᠨ ᠤᠯᠤᠰ ᠤᠨ ᠺᠶᠦᠰᠢ ᠶᠢᠨ ᠲᠧᠭᠨᠣᠯᠣᠭᠢ ᠶᠢᠨ ᠢᠨᠰᠲ᠋ᠢᠲ᠋ᠦᠶᠢᠲ ᠲᠠᠢ ᠬᠠᠮᠲᠤᠷᠠᠨ ᠠᠵᠢᠯᠯᠠᠬᠤ ᠰᠠᠨᠠᠮᠵᠢ ᠪᠢᠴᠢᠭ ᠲᠦ ᠭᠠᠷ ᠤᠨ ᠦᠰᠦᠭ ᠵᠢᠷᠤᠯ᠎ᠠ


ᠺᠶᠦᠰᠢ ᠶᠢᠨ ᠲᠧᠭᠨᠣᠯᠣᠭᠢ ᠶᠢᠨ ᠢᠨᠰᠲ᠋ᠢᠲ᠋ᠦᠶᠢᠲ ᠨᠢ ᠮᠠᠵᠠᠭᠠᠯᠠᠢ ᠬᠢᠮᠡᠯ ᠳᠠᠭᠠᠭᠤᠯᠢ ᠶᠢᠨ ᠲᠤᠷᠰᠢᠯᠲᠠ ᠬᠥᠭᠵᠢᠭᠦᠯᠦᠯᠲᠡ ᠪᠡᠷ ᠢᠶᠡᠨ ᠮᠣᠩᠭᠣᠯᠴᠤᠳ ᠪᠢᠳᠡᠨ ᠦ ᠲᠠᠨᠢᠯ ᠪᠣᠯᠤᠭᠰᠠᠨ᠂ ᠨᠡᠷ᠎ᠡ ᠬᠦᠨᠳᠦᠲᠡᠢ ᠪᠠᠶᠢᠭᠤᠯᠤᠯᠭ᠎ᠠ ᠶᠤᠮ᠃

ᠮᠣᠩᠭᠣᠯ ᠤᠨ ᠰᠠᠨᠰᠠᠷ ᠤᠨ ᠦᠨᠳᠦᠰᠦᠨ ᠦ ᠵᠥᠪᠯᠡᠯ ᠢ ᠲᠥᠯᠦᠭᠡᠯᠡᠵᠦ ЦХХХ ᠍ ᠤ ᠰᠠᠶᠢᠳ᠂ ᠰᠠᠨᠰᠠᠷ ᠤᠨ ᠦᠨᠳᠦᠰᠦᠨ ᠦ ᠵᠥᠪᠯᠡᠯ ᠦᠨ ᠲᠡᠷᠢᠭᠦᠨ ᠨ ∙ ᠤᠴᠠᠷᠠᠯ᠂ ᠺᠶᠦᠰᠢ ᠶᠢᠨ ᠲᠧᠭᠨᠣᠯᠣᠭᠢ ᠶᠢᠨ ᠢᠨᠰᠲ᠋ᠢᠲ᠋ᠦᠶᠢᠲ ᠦᠨ ᠶᠡᠷᠦᠩᠬᠡᠶᠢᠯᠡᠭᠴᠢ ᠶᠠᠰᠤᠨᠤᠷᠢ ᠮᠢᠲ᠋ᠠᠨᠢ ᠨᠠᠷ ᠤᠨ ᠭᠠᠷ ᠤᠨ ᠦᠰᠦᠭ ᠵᠢᠷᠤᠭᠰᠠᠨ ᠰᠠᠨᠠᠮᠵᠢ ᠪᠢᠴᠢᠭ ᠦᠨ ᠬᠦᠷᠢᠶᠡᠨ ᠳᠦ ᠬᠠᠷᠢᠯᠴᠠᠭ᠎ᠠ ᠬᠣᠯᠪᠣᠭ᠎ᠠ᠂ ᠰᠠᠨᠰᠠᠷ ᠰᠤᠳᠤᠯᠤᠯ ᠤᠨ ᠰᠠᠯᠪᠤᠷᠢ ᠳᠤ ᠣᠷᠴᠢᠨ ᠦᠶ᠎ᠡ ᠶᠢᠨ ᠲᠧᠭᠨᠣᠯᠣᠭᠢ ᠶᠢᠨ ᠳᠡᠪᠰᠢᠯ ᠢ ᠨᠡᠪᠲᠡᠷᠡᠭᠦᠯᠬᠦ᠂ ᠬᠦᠮᠦᠨ ᠦ ᠨᠥᠭᠡᠴᠡ ᠪᠡᠯᠡᠳᠬᠡᠬᠦ᠂ ᠬᠥᠭᠵᠢᠭᠦᠯᠬᠦ ᠴᠢᠭᠯᠡᠯ ᠳᠦ ᠬᠠᠮᠲᠤᠷᠠᠨ ᠠᠵᠢᠯᠯᠠᠬᠤ᠂ ᠮᠣᠩᠭᠣᠯ ᠤᠨ ᠣᠶᠤᠲᠠᠨ ᠨᠤᠭᠤᠳ ᠪᠣᠯᠤᠨ ᠰᠤᠳᠤᠯᠤᠭᠠᠴᠢᠳ ᠰᠠᠨᠰᠠᠷ ᠰᠤᠳᠤᠯᠤᠯ ᠤᠨ ᠴᠢᠭᠯᠡᠯ ᠢᠶᠡᠷ ᠺᠶᠦᠰᠢ ᠶᠢᠨ ᠶᠡᠬᠡ ᠰᠤᠷᠭᠠᠭᠤᠯᠢ ᠳᠤ ᠰᠤᠷᠤᠯᠴᠠᠬᠤ ᠡᠭᠦᠳᠡ ᠬᠠᠭᠠᠯᠭ᠎ᠠ ᠨᠡᠭᠡᠭᠡᠭᠳᠡᠵᠦ ᠪᠠᠶᠢᠨ᠎ᠠ᠃

ᠮᠥᠨ ᠮᠣᠩᠭᠣᠯ ᠤᠯᠤᠰ ᠤᠨ Ondo Space ᠺᠣᠮᠫᠠᠨᠢ᠂ ᠶᠠᠫᠣᠨ ᠤᠯᠤᠰ ᠤᠨ ᠺᠶᠰᠦ ᠶᠢᠨ ᠲᠧᠭᠨᠣᠯᠣᠭᠢ ᠶᠢᠨ ᠢᠨᠰᠲ᠋ᠢᠲ᠋ᠦᠶᠢᠲ ᠬᠣᠭᠣᠷᠣᠨᠳᠣ ᠶᠢᠨ ᠬᠠᠮᠲᠤ ᠶᠢᠨ ᠠᠵᠢᠯᠯᠠᠭ᠎ᠠ ᠨᠢ ᠮᠠᠨ ᠤ ᠣᠷᠣᠨ ᠢ ᠰᠠᠨᠰᠠᠷ ᠤᠨ ᠲᠧᠭᠨᠣᠯᠣᠭᠢ᠂ ᠬᠠᠷᠢᠯᠴᠠᠭ᠎ᠠ ᠬᠣᠯᠪᠣᠭ᠎ᠠ᠂ ᠮᠡᠳᠡᠭᠡᠯᠡᠯ ᠦᠨ ᠲᠧᠭᠨᠣᠯᠣᠭᠢ ᠶᠢᠨ ᠰᠠᠯᠪᠠᠷ ᠲᠤ ᠰᠢᠨ᠎ᠡ ᠲᠥᠪᠰᠢᠨ ᠳᠦ ᠭᠠᠷᠭᠠᠨ᠎ᠠ ᠭᠡᠳᠡᠭ ᠲᠦ ᠢᠲᠡᠭᠡᠯ ᠲᠡᠢ ᠪᠠᠶᠢᠨ᠎ᠠ᠃

ᠲᠤᠰ 2 ᠪᠠᠶᠢᠭᠤᠯᠤᠯᠭ᠎ᠠ ᠶᠢᠨ ᠬᠠᠮᠲᠤᠷᠠᠭᠰᠠᠨ ᠲᠥᠰᠥᠯ ᠠᠮᠵᠢᠯᠲᠠᠲᠠᠢ ᠬᠡᠷᠡᠭᠵᠢᠵᠦ᠂ ᠲᠤᠩ ᠤᠳᠤᠬᠤ ᠦᠭᠡᠢ ᠣᠯᠠᠨ ᠠᠷᠪᠠᠨ cubesat ᠬᠢᠮᠡᠯ ᠳᠠᠭᠠᠭᠤᠯᠢ ᠶᠢ ᠳᠡᠯᠡᠬᠡᠢ ᠶᠢᠨ ᠲᠣᠭᠣᠷᠢᠭ ᠵᠠᠮ ᠳᠤ ᠬᠥᠭᠡᠷᠭᠡᠵᠦ᠂ ᠳᠡᠯᠡᠬᠡᠢ ᠶᠢ ᠪᠦᠷᠬᠡᠭᠰᠡᠨ ᠬᠢᠮᠡᠯ ᠳᠠᠭᠠᠭᠤᠯᠢ ᠶᠢᠨ ᠰᠦᠯᠵᠢᠶ᠎ᠡ ᠶᠢ ᠡᠭᠦᠰᠬᠡᠵᠦ᠂ ᠳᠡᠯᠡᠬᠡᠢ ᠶᠢᠨ ᠥᠨᠴᠥᠭ ᠪᠤᠯᠤᠨ ᠪᠦᠷᠢ ᠳᠦ ᠦᠢᠯᠡᠴᠢᠯᠡᠭᠡ ᠪᠡᠨ ᠬᠦᠷᠭᠡᠬᠦ ᠶᠡᠬᠡ ᠵᠣᠷᠢᠯᠭ᠎ᠠ ᠳᠤ ᠠᠮᠵᠢᠯᠲᠠ ᠬᠦᠰᠡᠶ᠎ᠡ!

ONDO Space ХХК ᠡᠬᠢᠨ ᠦ ᠡᠭᠡᠯᠵᠢ ᠳᠦ ᠲᠧᠭᠨᠣᠯᠣᠭᠢ ᠶᠢᠨ ᠲᠤᠷᠰᠢᠯᠲᠠ ᠶᠢᠨ 3 ᠬᠢᠮᠡᠯ ᠳᠠᠭᠠᠭᠤᠯᠢ ᠶᠢ 2023 ᠣᠨ ᠳᠤ ᠬᠥᠭᠡᠷᠭᠡᠬᠦ ᠪᠡᠷ ᠲᠥᠯᠦᠪᠯᠡᠵᠦ ᠤᠯᠠᠮ ᠢᠶᠠᠷ ᠢᠷᠡᠬᠦ 5 ᠵᠢᠯ ᠦᠨ ᠬᠤᠭᠤᠴᠠᠭᠠᠨ ᠳᠤ ᠨᠡᠶᠢᠲᠡ 176 ᠰᠢᠷᠬᠡᠭ ᠢᠵᠢᠯ ᠲᠥᠷᠦᠯ ᠦᠨ ᠬᠢᠮᠡᠯ ᠳᠠᠭᠠᠭᠤᠯᠢ ᠶᠢ ᠳᠣᠲᠣᠭᠠᠳᠤ ᠳᠤ ᠪᠠᠨ ᠪᠦᠲᠦᠭᠡᠵᠦ᠂ ᠰᠠᠨᠰᠠᠷ ᠲᠤ ᠭᠠᠷᠭᠠᠬᠤ ᠲᠥᠯᠦᠪᠯᠡᠭᠡ ᠲᠡᠢ ᠪᠠᠶᠢᠭ᠎ᠠ ᠭᠡᠨ᠎ᠡ᠃ ᠡᠨᠡᠬᠦ ᠬᠢᠮᠡᠯ ᠳᠠᠭᠠᠭᠤᠯᠢ ᠨᠤᠭᠤᠳ ᠠᠵᠢᠯᠯᠠᠭᠠᠨ ᠳᠤ ᠣᠷᠣᠭᠰᠠᠨ ᠢᠶᠠᠷ ᠳᠡᠯᠡᠬᠡᠢ ᠶᠢᠨ ᠬᠠᠮᠢᠭ᠎ᠠ ᠠᠴᠠ ᠴᠤ᠂ ᠡᠭᠦᠷ ᠦᠨ ᠬᠣᠯᠪᠣᠭᠠᠨ ᠤ ᠰᠦᠯᠵᠢᠶ᠎ᠡ ᠣᠷᠣᠭ᠎ᠠ ᠦᠭᠡᠢ ᠭᠠᠵᠠᠷ ᠠᠴᠠ ᠴᠤ ᠮᠡᠳᠡᠭᠡᠯᠡᠯ ᠳᠠᠮᠵᠢᠭᠤᠯᠬᠤ ᠪᠣᠯᠤᠮᠵᠢ ᠲᠠᠢ ᠠᠴᠠ ᠭᠠᠳᠠᠨ᠎ᠠ ᠮᠠᠰᠢᠨ ᠬᠣᠭᠣᠷᠣᠨᠳᠣ ᠶᠢᠨ ᠬᠠᠷᠢᠯᠴᠠᠭ᠎ᠠ᠂ ᠠᠯᠤᠰ ᠠᠴᠠ ᠤᠳᠤᠷᠢᠳᠬᠤ ᠰᠢᠰᠲ᠋ᠧᠮ᠂ IoT ᠵᠡᠷᠭᠡ ᠳᠦ ᠴᠢᠭᠯᠡᠭᠰᠡᠨ ᠦᠢᠯᠡᠴᠢᠯᠡᠭᠡ ᠦᠵᠡᠭᠦᠯᠬᠦ ᠶᠤᠮ᠃

ᠮᠣᠩᠭᠣᠯ ᠤᠯᠤᠰ ᠤᠨ ᠶᠡᠷᠦᠩᠬᠡᠶᠢᠯᠡᠭᠴᠢ ᠤᠬᠤᠨᠠᠭ᠎ᠠ ᠶᠢᠨ ᠬᠦᠷᠦᠯᠰᠦ᠋ᠬᠡ ᠶᠠᠫᠣᠨ ᠤᠯᠤᠰ ᠤᠨ ᠵᠠᠰᠠᠭ ᠤᠨ ᠭᠠᠵᠠᠷ ᠤᠨ ᠤᠷᠢᠯᠭ᠎ᠠ ᠪᠠᠷ ᠮᠣᠩᠭᠣᠯ᠂ ᠶᠠᠫᠣᠨ ᠤ ᠬᠣᠭᠣᠷᠣᠨᠳᠣ ᠳ᠋ᠢᠫᠯᠣᠮᠠᠲ ᠬᠠᠷᠢᠯᠴᠠᠭ᠎ᠠ ᠲᠣᠭᠲᠠᠭᠠᠭᠰᠠᠨ ᠤ 50 ᠵᠢᠯ ᠦᠨ ᠣᠢ ᠶᠢ ᠲᠣᠬᠢᠶᠠᠯᠳᠤᠭᠤᠯᠤᠨ 2022 ᠣᠨ ᠤ 11 ᠳ᠋ᠦ᠋ᠭᠡᠷ ᠰᠠᠷ᠎ᠠ ᠶᠢᠨ 29 ᠍ ᠡᠴᠡ 12 ᠳ᠋ᠤᠭᠠᠷ ᠰᠠᠷ᠎ᠠ ᠶᠢᠨ 02 ᠍ ᠦ ᠡᠳᠦᠷ ᠦᠳ ᠲᠦ ᠶᠠᠫᠣᠨ ᠤᠯᠤᠰ ᠲᠤ ᠲᠥᠷᠦ ᠶᠢᠨ ᠠᠶᠢᠯᠴᠢᠯᠠᠯ ᠬᠢᠵᠦ ᠪᠠᠶᠢᠨ᠎ᠠ᠃ ᠶᠡᠷᠦᠩᠬᠡᠶᠢᠯᠡᠭᠴᠢ ᠶᠢᠨ ᠠᠶᠢᠯᠴᠢᠯᠠᠯ ᠲᠠᠢ ᠲᠤᠰ ᠭᠡᠷᠢᠶᠡᠨ ᠳᠦ ᠭᠠᠷ ᠤᠨ ᠦᠰᠦᠭ ᠵᠢᠷᠤᠬᠤ ᠦᠢᠯᠡ ᠠᠵᠢᠯᠯᠠᠭ᠎ᠠ ᠳᠠᠪᠬᠤᠴᠠᠵᠤ ᠪᠠᠶᠢᠭ᠎ᠠ ᠪᠠᠷ ᠢᠶᠠᠨ ᠣᠨᠴᠠᠯᠢᠭ᠃

ᠨᠠᠶᠢᠷᠠᠮᠳᠠᠯᠲᠤ ᠬᠠᠷᠢᠯᠴᠠᠭᠠᠨ ᠤ ᠲᠡᠭᠰᠢ ᠣᠢ ᠲᠣᠬᠢᠶᠠᠵᠤ ᠪᠠᠶᠢᠭ᠎ᠠ ᠲᠠᠢ ᠬᠣᠯᠪᠣᠭᠳᠠᠭᠤᠯᠤᠨ ᠶᠠᠫᠣᠨ ᠮᠣᠩᠭᠣᠯ ᠤᠨ ᠬᠠᠷᠢᠯᠴᠠᠭᠠᠨ ᠤ ᠭᠦᠭᠦᠷᠭᠡ ᠪᠣᠯᠵᠤ ᠪᠤᠢ᠂ ᠮᠡᠷᠭᠡᠵᠢᠯ ᠦᠨ ᠰᠦᠮᠣ᠋ ᠍ ᠶᠢᠨ 69 ᠳ᠋ᠡᠬᠢ ᠶᠡᠬᠡ ᠠᠪᠤᠷᠭᠤ ᠬᠠᠺᠬᠠ ᠳᠠᠸᠠᠵᠢᠷᠭᠠᠯ ᠰᠠᠨᠠᠮᠵᠢ ᠪᠢᠴᠢᠭ ᠲᠦ ᠭᠠᠷ ᠤᠨ ᠦᠰᠦᠭ ᠵᠢᠷᠤᠬᠤ ᠦᠢᠯᠡ ᠠᠵᠢᠯᠯᠠᠭᠠᠨ ᠳᠤ ᠣᠷᠣᠯᠴᠠᠵᠤ᠂ ᠴᠢᠨᠠᠭᠰᠢᠳᠠ ᠶᠢᠨ ᠦᠢᠯᠡ ᠠᠵᠢᠯᠯᠠᠭᠠᠨ ᠳᠤ ᠠᠮᠵᠢᠯᠲᠠ ᠬᠦᠰᠡᠯ᠎ᠡ᠃

ᠨᠡᠶᠢᠲᠡᠯᠡᠭᠰᠡᠨ᠄