ᠮᠡᠳᠡᠭᠡᠯᠡᠯ ᠦᠨ ᠲᠧᠭᠨᠣᠯᠣᠭᠢ᠂ ᠬᠠᠷᠢᠯᠴᠠᠭ᠎ᠠ ᠬᠣᠯᠪᠣᠭᠠᠨ ᠤ ᠰᠠᠯᠪᠤᠷᠢ ᠵᠥᠪᠬᠡᠨ ᠳ᠋ᠢᠫᠯᠣᠮ ᠳᠤ ᠪᠤᠰᠤ ᠡᠵᠡᠮᠰᠢᠭᠰᠡᠨ ᠤᠷ᠎ᠠ ᠴᠢᠳᠠᠪᠤᠷᠢ ᠳᠤ ᠪᠣᠯᠤᠮᠵᠢ ᠣᠯᠭᠤᠨ᠎ᠠ


ᠴᠠᠬᠢᠮ ᠬᠥᠭᠵᠢᠯ᠂ ᠬᠠᠷᠢᠯᠴᠠᠭ᠎ᠠ ᠬᠣᠯᠪᠣᠭᠠᠨ ᠤ ᠶᠠᠮᠤᠨ ᠤ ᠬᠠᠷᠢᠶ᠎ᠠ᠂ ᠰᠠᠯᠪᠤᠷᠢ ᠶᠢᠨ ᠪᠠᠶᠢᠭᠤᠯᠤᠯᠭ᠎ᠠ ᠨᠤᠭᠤᠳ ᠤᠨ ᠠᠵᠢᠯ ᠤᠨ ᠪᠠᠶᠢᠷᠢᠨ ᠤ ᠱᠠᠭᠠᠷᠳᠠᠯᠭ᠎ᠠ ᠳᠤ ᠬᠦᠯᠢᠶᠡᠨ ᠵᠥᠪᠰᠢᠶᠡᠷᠡᠭᠳᠡᠬᠦ ᠣᠯᠠᠨ ᠤᠯᠤᠰ ᠤᠨ ᠮᠡᠷᠭᠡᠵᠢᠯ ᠦᠨ ᠬᠣᠯᠪᠣᠭ᠎ᠠ᠂ ᠰᠲ᠋ᠠᠨᠳᠠᠷᠲ ᠤᠨ ᠪᠠᠶᠢᠭᠤᠯᠤᠯᠭ᠎ᠠ ᠶᠢᠨ ᠰᠤᠷᠭᠠᠯᠲᠠ ᠪᠠᠷ ᠣᠯᠭᠣᠭᠳᠠᠳᠠᠭ ᠰᠧᠷᠲ᠋ᠢᠹᠢᠺᠠᠲ ᠤᠨ ᠵᠢᠭᠰᠠᠭᠠᠯᠲᠠ ᠶᠢ ЦХХХ ᠍ ᠤ ᠰᠠᠶᠢᠳ ᠨ ∙ ᠤᠴᠠᠷᠠᠯ ᠪᠠᠲᠤᠯᠠᠯ᠎ᠠ᠃

ᠢᠩᠭᠢᠭᠰᠡᠨ ᠢᠶᠡᠷ ᠮᠡᠳᠡᠭᠡᠯᠡᠯ ᠦᠨ ᠲᠧᠭᠨᠣᠯᠣᠭᠢ᠂ ᠫᠷᠣᠭᠷᠠᠮ ᠬᠠᠩᠭᠠᠮᠵᠢ᠂ ᠮᠡᠳᠡᠭᠡᠯᠡᠯ ᠦᠨ ᠠᠶᠤᠯ ᠦᠭᠡᠢ ᠪᠠᠶᠢᠳᠠᠯ᠂ ᠬᠢᠮᠡᠯ ᠣᠶᠤᠨ ᠤᠬᠠᠭᠠᠨ᠂ ᠥᠭᠭᠥᠭᠳᠡᠯ ᠦᠨ ᠰᠢᠨᠵᠢᠯᠡᠬᠦ ᠤᠬᠠᠭᠠᠨ ᠤ ᠮᠡᠷᠭᠡᠵᠢᠯ ᠦᠨ ᠴᠢᠭᠯᠡᠯ ᠦᠨ ᠬᠦᠮᠦᠨ ᠦ ᠨᠥᠭᠡᠴᠡ ᠶᠢ ᠨᠡᠮᠡᠭᠳᠡᠭᠦᠯᠬᠦ ᠵᠣᠷᠢᠯᠭ᠎ᠠ ᠪᠠᠷ ᠮᠡᠷᠭᠡᠵᠢᠯ ᠦᠨ ᠶᠡᠬᠡ ᠳᠡᠭᠡᠳᠦ ᠰᠤᠷᠭᠠᠭᠤᠯᠢ ᠶᠢᠨ ᠳ᠋ᠢᠫᠯᠣᠮ ᠤᠨ ᠪᠣᠯᠪᠠᠰᠤᠷᠠᠯ ᠡᠵᠡᠮᠰᠢᠭᠡ ᠦᠭᠡᠢ ᠴᠤ ОУ ᠍ ᠳᠦ ᠬᠦᠯᠢᠶᠡᠨ ᠵᠥᠪᠰᠢᠶᠡᠷᠡᠭᠳᠡᠭᠰᠡᠨ ᠰᠧᠷᠲ᠋ᠢᠹᠢᠺᠠᠲ ᠠᠪᠤᠭᠰᠠᠨ᠂ ᠤᠷ᠎ᠠ ᠴᠢᠳᠠᠪᠤᠷᠢ ᠡᠵᠡᠮᠰᠢᠭᠰᠡᠨ ᠮᠡᠷᠭᠡᠵᠢᠯᠲᠡᠨ ᠨᠦᠭᠦᠳ ᠢ ᠮᠡᠳᠡᠭᠡᠯᠡᠯ ᠦᠨ ᠲᠧᠭᠨᠣᠯᠣᠭᠢ ᠶᠢᠨ ᠰᠠᠯᠪᠤᠷᠢ ᠳᠤ ᠠᠵᠢᠯᠯᠠᠵᠤ᠂ ᠴᠠᠬᠢᠮ ᠰᠢᠯᠵᠢᠯᠲᠡ ᠳᠦ ᠬᠤᠪᠢ ᠨᠡᠮᠡᠷᠢ ᠪᠡᠨ ᠤᠷᠤᠭᠤᠯᠬᠤ ᠪᠣᠯᠤᠮᠵᠢ ᠣᠯᠭᠤᠵᠤ ᠪᠠᠶᠢᠨ᠎ᠠ᠃

ᠵᠢᠭᠰᠠᠭᠠᠯᠲᠠ ᠳᠤ ᠪᠠᠭᠲᠤᠭᠰᠠᠨ ᠰᠧᠷᠲ᠋ᠢᠹᠢᠺᠠᠲ ᠢ ᠠᠪᠤᠭᠰᠠᠨ ᠪᠤᠶᠤ ОУ ᠍ ᠤᠨ ᠮᠡᠷᠭᠡᠵᠢᠯ ᠦᠨ ᠬᠣᠯᠪᠣᠭ᠎ᠠ᠂ ᠰᠲ᠋ᠠᠨᠳᠠᠷᠲ ᠤᠨ ᠪᠠᠶᠢᠭᠤᠯᠤᠯᠭ᠎ᠠ ᠶᠢᠨ ᠬᠥᠲᠥᠯᠪᠦᠷᠢ ᠳᠦ ᠬᠠᠮᠤᠷᠤᠭᠳᠠᠵᠤ᠂ ᠤᠷ᠎ᠠ ᠴᠢᠳᠠᠪᠤᠷᠢ ᠡᠵᠡᠮᠰᠢᠭᠰᠡᠨ ᠢᠷᠭᠡᠨ ᠢ ЦХХХЯ ᠍ ᠤ ᠬᠠᠷᠢᠶ᠎ᠠ ᠰᠠᠯᠪᠤᠷᠢ ᠪᠠᠶᠢᠭᠤᠯᠤᠯᠭ᠎ᠠ ᠨᠤᠭᠤᠳ ᠲᠤ ᠬᠦᠯᠢᠶᠡᠨ ᠵᠥᠪᠰᠢᠶᠡᠷᠡᠴᠢ᠂ ᠬᠥᠳᠡᠯᠮᠦᠷᠢ ᠶᠢᠨ ᠬᠠᠷᠢᠯᠴᠠᠭ᠎ᠠ ᠡᠭᠦᠰᠬᠡᠨ ᠬᠠᠮᠲᠤᠷᠠᠵᠤ ᠠᠵᠢᠯᠯᠠᠬᠤ ᠴᠢᠭᠯᠡᠯ ᠢ ᠬᠠᠷᠢᠯᠴᠠᠭ᠎ᠠ ᠬᠣᠯᠪᠣᠭᠠᠨ ᠤ ᠵᠣᠬᠢᠴᠠᠭᠤᠯᠬᠤ ᠬᠣᠷᠢᠶ᠎ᠠ (ᠭ ∙ ᠴᠢᠩᠵᠣᠷᠢᠭ)᠂ ᠦᠨᠳᠦᠰᠦᠨ ᠦ ᠳᠠᠲ᠋ᠠ ᠲᠥᠪ УТҮГ (ᠪ ∙ ᠪᠠᠲᠤᠲᠤᠯᠭ᠎ᠠ)᠂ ᠢ-ᠮᠣᠩᠭᠣᠯ ᠠᠺᠠᠳᠧᠮᠢ УТҮГ (ᠯ ∙ ᠡᠩᠬᠡᠪᠠᠲᠤ)᠂ ᠷᠠᠳᠢᠣ᠋ ᠲᠧᠯᠧᠸᠢᠰ ᠦᠨ ᠦᠨᠳᠦᠰᠦᠨ ᠦ ᠰᠦᠯᠵᠢᠶ᠎ᠡ УТҮГ (ᠰ ∙ ᠴᠠᠭᠠᠨᠬᠦᠦ)᠂ ᠮᠡᠳᠡᠭᠡᠯᠡᠯ ᠬᠣᠯᠪᠣᠭᠠᠨ ᠤ ᠰᠦᠯᠵᠢᠶ᠎ᠡ ХХК (ᠪ ∙ ᠮᠥᠩᠬᠡᠪᠠᠲᠤ)᠂ ᠮᠣᠩᠭᠣᠯ ᠤᠨ ᠴᠠᠬᠢᠯᠭᠠᠨ ᠬᠣᠯᠪᠣᠭ᠎ᠠ ХК (ᠪ ∙ ᠴᠢᠨᠪᠠᠲ)᠂ ᠮᠣᠩᠭᠣᠯ ᠰᠢᠤᠳᠠᠨ ХК (ᠪ ∙ ᠠᠩᠬᠡᠪᠠᠭᠠᠲᠤᠷ) ᠍ ᠳᠦ ᠲᠤᠰ ᠲᠤᠰ ᠥᠷᠯᠥᠭᠡ᠃

ᠨᠡᠶᠢᠲᠡᠯᠡᠭᠰᠡᠨ᠄