ᠮᠣᠩᠭᠣᠯ ᠳᠤ ᠠᠩᠬ᠎ᠠ ᠤᠳᠠᠭ᠎ᠠ ᠫᠷᠣᠭᠷᠠᠮ ᠬᠠᠩᠭᠠᠮᠵᠢ ᠶᠢᠨ ᠶᠡᠬᠡ ᠳᠡᠯᠭᠡᠭᠦᠷ ᠡᠭᠦᠳᠡ ᠪᠡᠨ ᠨᠡᠭᠡᠭᠡᠯ᠎ᠡ


ᠠᠭᠤᠯᠠ ᠠᠭᠤᠷᠬᠠᠢ ᠳᠤ ᠲᠦᠰᠢᠭᠯᠡᠭᠰᠡᠨ ᠡᠳ᠋ ᠍ ᠦᠨ ᠵᠠᠰᠠᠭ ᠠᠴᠠ
ᠣᠶᠤᠨ ᠤᠬᠠᠭᠠᠨ ᠳᠤ ᠲᠦᠰᠢᠭᠯᠡᠭᠰᠡᠨ ᠡᠳ᠋ ᠍ ᠦᠨ ᠵᠠᠰᠠᠭ ᠲᠤ ᠲᠡᠮᠡᠦᠯᠦᠶ᠎ᠡ᠃

ᠴᠠᠬᠢᠮ ᠬᠥᠭᠵᠢᠯ᠂ ᠬᠠᠷᠢᠯᠴᠠᠭ᠎ᠠ ᠬᠣᠯᠪᠣᠭᠠᠨ ᠤ ᠶᠠᠮᠤᠨ ᠠᠴᠠ ᠲᠥᠷᠥ ᠶᠢᠨ ᠫᠷᠣᠭᠷᠠᠮ ᠬᠠᠩᠭᠠᠮᠵᠢ ᠶᠢᠨ ᠬᠤᠳᠠᠯᠳᠤᠨ ᠠᠪᠬᠤ ᠠᠵᠢᠯᠯᠠᠭ᠎ᠠ ᠶᠢ ᠰᠢᠨ᠎ᠡ ᠲᠦᠪᠰᠢᠨ ᠳᠦ ᠭᠠᠷᠭᠠᠬᠤ᠂ ᠦᠷ᠎ᠡ ᠦᠭᠡᠢ ᠵᠠᠷᠤᠳᠠᠯ ᠢ ᠪᠠᠭᠤᠷᠠᠭᠤᠯᠬᠤ᠂ ᠪᠦᠲᠦᠭᠡᠮᠵᠢ ᠶᠢ ᠨᠡᠮᠡᠭᠳᠡᠭᠦᠯᠬᠦ ᠵᠣᠷᠢᠯᠭ᠎ᠠ ᠪᠠᠷ ᠦᠨᠳᠦᠰᠦᠨ ᠦ ᠫᠷᠣᠭᠷᠠᠮ ᠬᠠᠩᠭᠠᠮᠵᠢ ᠶᠢᠨ ᠶᠡᠬᠡ ᠳᠡᠯᠭᠡᠭᠦᠷ www.MINDGOLIA.mn ᠰᠢᠰᠲ᠋ᠧᠮ ᠢ ᠥᠨᠥᠳᠥᠷ /2022.12.20/ ᠠᠯᠪᠠᠨ ᠶᠣᠰᠣᠭᠠᠷ ᠨᠡᠭᠡᠭᠡᠯ᠎ᠡ᠃

ᠡᠭᠦᠨ ᠦ ᠦᠷ᠎ᠡ ᠳ᠋ᠦᠩ ᠳᠦ ᠳᠣᠲᠣᠭᠠᠳᠤ ᠶᠢᠨ ᠺᠣᠮᠫᠠᠨᠢ ᠨᠤᠭᠤᠳ ᠤᠨ ᠬᠥᠭᠵᠢᠭᠦᠯᠦᠭᠰᠡᠨ ᠰᠢᠰᠲ᠋ᠧᠮ ᠢ ᠳᠣᠲᠣᠭᠠᠳᠤ᠂ ᠭᠠᠳᠠᠭᠠᠳᠤ ᠶᠢᠨ ᠣᠯᠠᠨ ᠪᠠᠶᠢᠭᠤᠯᠤᠯᠭ᠎ᠠ ᠰᠢᠭᠤᠳ ᠠᠰᠢᠭᠯᠠᠬᠤ ᠪᠣᠯᠤᠮᠵᠢ ᠶᠢ ᠨᠡᠬᠡᠭᠡᠬᠦ᠂ ᠲᠧᠨᠳᠧᠷ ᠵᠠᠷᠯᠠᠵᠤ ᠫᠷᠣᠭᠷᠠᠮ ᠵᠠᠬᠢᠶᠠᠯᠠᠳᠠᠭ ᠲᠣᠭᠲᠠᠯᠴᠠᠭ᠎ᠠ ᠶᠢ ᠬᠠᠯᠠᠬᠤ᠂ ᠴᠠᠭ ᠬᠤᠭᠤᠴᠠᠭ᠎ᠠ ᠶᠢ ᠪᠣᠳᠠᠲᠤ ᠪᠠᠷ ᠬᠡᠮᠨᠡᠬᠦ᠂ ᠲᠥᠰᠦᠪ ᠦᠨ ᠬᠡᠮᠨᠡᠯᠲᠡ ᠶᠢ ᠪᠤᠢ ᠪᠣᠯᠭᠠᠬᠤ᠂ ᠰᠢᠰᠲ᠋ᠧᠮ ᠦᠳ ᠦᠨ ᠬᠠᠷᠢᠯᠴᠠᠨ ᠤᠶᠠᠯᠳᠤᠭ᠎ᠠ ᠶᠢ ᠬᠠᠩᠭᠠᠬᠤ᠂ ᠮᠡᠳᠡᠭᠡᠯᠡᠯ ᠦᠨ ᠠᠶᠤᠯ ᠦᠭᠡᠢ ᠪᠠᠶᠢᠳᠠᠯ ᠤᠨ ᠡᠷᠦᠰᠳᠡᠯ ᠢ ᠪᠠᠭᠤᠷᠠᠭᠤᠯᠬᠤ ᠵᠡᠷᠭᠡ ᠳᠠᠪᠠᠭᠤ ᠪᠠᠶᠢᠳᠠᠯ ᠢ ᠲᠥᠷᠦ ᠳᠦ ᠪᠤᠢ ᠪᠣᠯᠭᠠᠬᠤ ᠶᠤᠮ᠃

ᠨᠡᠭᠡᠭᠡᠯᠲᠡ ᠶᠢᠨ ᠠᠷᠭ᠎ᠠ ᠬᠡᠮᠵᠢᠶᠡᠨ ᠳᠦ ᠮᠣᠩᠭᠣᠯ ᠤᠯᠤᠰ ᠤᠨ ᠰᠢᠳᠠᠷ ᠰᠠᠶᠢᠳ ᠰ ∙ ᠠᠮᠤᠷᠰᠠᠶᠢᠬᠠᠨ᠂ ЦХХХ ᠍ ᠤ ᠰᠠᠶᠢᠳ ᠨ ∙ ᠤᠴᠠᠷᠠᠯ᠂ ᠮᠣᠩᠭᠣᠯ ᠤᠯᠤᠰ ᠤᠨ ᠶᠡᠷᠦᠩᠬᠡᠢ ᠰᠠᠶᠢᠳ ᠤᠨ ᠢᠯᠡᠭᠡᠯᠲᠡ ᠶᠢ ᠲᠠᠨᠢᠯᠴᠠᠭᠤᠯᠵᠤ ᠡᠳ᠋ ᠍ ᠦᠨ ᠵᠠᠰᠠᠭ ᠤᠨ ᠪᠣᠳᠣᠯᠭ᠎ᠠ ᠶᠢᠨ ᠵᠥᠪᠯᠡᠬᠦ ᠳ ∙ ᠢᠷᠮᠡᠭᠦᠨ ᠪᠣᠯᠤᠨ ᠫᠷᠣᠭᠷᠠᠮ ᠬᠠᠩᠭᠠᠮᠵᠢ ᠦᠢᠯᠡᠳᠪᠦᠷᠢᠯᠡᠭᠴᠢᠳ ᠦᠨ 350 ᠣᠷᠴᠢᠮ ᠲᠥᠯᠥᠭᠡᠯᠡᠯ᠂ ᠬᠤᠳᠠᠯᠳᠤᠨ ᠠᠪᠤᠭᠴᠢ᠂ ᠬᠡᠷᠡᠭᠯᠡᠭᠴᠢᠳ ᠦᠨ 250 ᠭᠠᠷᠤᠢ ᠲᠥᠯᠥᠭᠡᠯᠡᠯ᠂ ᠲᠥᠷᠥ ᠶᠢᠨ ᠪᠠᠶᠢᠭᠤᠯᠤᠯᠭ᠎ᠠ᠂ ᠶᠠᠮᠤ᠂ ᠠᠭᠧᠨᠲᠯᠢᠭ᠂ ᠲᠥᠷᠥ ᠶᠢᠨ ᠥᠮᠴᠢᠲᠤ ᠺᠣᠮᠫᠠᠨᠢ ᠶᠢᠨ ᠲᠥᠯᠥᠭᠡᠯᠡᠯ ᠦᠳ ᠣᠷᠣᠯᠴᠠᠯ᠎ᠠ᠃

ЦХХХ ᠍ ᠤ ᠰᠠᠶᠢᠳ ᠨ ∙ ᠤᠴᠠᠷᠠᠯ ᠨᠡᠭᠡᠭᠡᠯᠲᠡ ᠶᠢᠨ ᠦᠶ᠎ᠡ ᠪᠡᠷ ᠢᠯᠡᠳᠬᠡᠯ ᠲᠠᠯᠪᠢᠬᠤ ᠳᠤ ᠪᠠᠨ᠂ ᠲᠥᠷᠦ ᠭᠡᠳᠡᠭ ᠬᠠᠮᠤᠭ ᠤᠨ ᠲᠣᠮᠣ ᠬᠤᠳᠠᠯᠳᠤᠨ ᠠᠪᠤᠭᠴᠢ᠂ ᠬᠠᠮᠤᠭ ᠤᠨ ᠲᠣᠮᠣ ᠬᠥᠷᠦᠩᠭᠡ ᠣᠷᠣᠭᠤᠯᠤᠭᠴᠢ᠂ ᠬᠠᠮᠤᠭ ᠤᠨ ᠲᠣᠮᠣ ᠲᠣᠭᠯᠠᠭᠴᠢ᠃ ᠲᠥᠷᠥ ᠡᠷᠡᠭᠦᠯ ᠪᠣᠯ ᠵᠠᠬ᠎ᠠ ᠵᠡᠭᠡᠯᠢ ᠡᠷᠡᠭᠦᠯ᠃ ᠲᠥᠷᠦ ᠤᠬᠠᠭᠠᠯᠢᠭ ᠪᠣᠯ ᠵᠠᠬ᠎ᠠ ᠵᠡᠭᠡᠯᠢ ᠤᠬᠠᠭᠠᠯᠢᠭ᠃ ᠲᠥᠷᠥ ᠨᠡᠭᠡᠭᠡᠯᠲᠡ ᠲᠡᠢ ᠪᠣᠯ ᠵᠠᠬ᠎ᠠ ᠵᠡᠭᠡᠯᠢ ᠨᠡᠭᠡᠭᠡᠯᠲᠡ ᠲᠡᠢ ᠪᠠᠶᠢᠨ᠎ᠠ᠃ ᠤᠬᠠᠭᠠᠯᠢᠭ ᠲᠧᠭᠨᠣᠯᠣᠭᠢ ᠶᠢᠨ ᠵᠠᠬ᠎ᠠ ᠵᠡᠭᠡᠯᠢ ᠳᠦ ᠤᠬᠠᠭᠠᠯᠢᠭ ᠬᠤᠳᠠᠯᠳᠤᠨ ᠠᠪᠤᠯᠲᠠ ᠤᠰᠤ ᠠᠭᠠᠷ ᠰᠢᠭ ᠬᠡᠷᠡᠭᠲᠡᠢ ᠭᠡᠳᠡᠭ ᠢ ᠣᠨᠴᠠᠯᠠᠵᠤ ᠪᠠᠶᠢᠭᠰᠠᠨ ᠶᠤᠮ᠃

ᠣᠳᠣ ᠶᠢᠨ ᠪᠠᠶᠢᠳᠠᠯ ᠢᠶᠠᠷ 100 ᠭᠠᠷᠤᠢ ᠺᠣᠮᠫᠠᠨᠢ ᠶᠢᠨ 180 ᠣᠷᠴᠢᠮ ᠪᠦᠲᠦᠭᠡᠭᠳᠡᠬᠦᠨ ᠪᠠᠶᠢᠷᠢᠰᠢᠭᠰᠠᠨ ᠪᠠ ᠡᠳᠦᠷ ᠡᠴᠡ ᠡᠳᠦᠷ ᠲᠦ ᠨᠡᠮᠡᠭᠳᠡᠵᠦ ᠪᠠᠶᠢᠨ᠎ᠠ᠃ ᠤᠭ ᠰᠢᠰᠲ᠋ᠧᠮ ᠢ ᠬᠥᠭᠵᠢᠭᠦᠯᠵᠦ ᠲᠤᠷᠰᠢᠭᠰᠠᠨ ᠰᠡᠭᠦᠯ ᠦᠨ 30 ᠬᠣᠨᠣᠭ ᠲᠤ 5 ᠲᠥᠷᠥᠯ ᠦᠨ 4᠂5 ᠲᠡᠷᠪᠤᠮ ᠲᠥᠭᠥᠷᠢᠭ ᠦᠨ ᠰᠢᠰᠲ᠋ᠧᠮ ᠢ 21 ᠠᠶᠢᠮᠠᠭ ᠤᠨ 248 ᠶᠡᠷᠦᠩᠬᠡᠢ ᠪᠣᠯᠪᠠᠰᠤᠷᠠᠯ ᠤᠨ ᠰᠤᠷᠭᠠᠭᠤᠯᠢ ᠬᠡᠷᠡᠭᠯᠡᠭᠰᠡᠨ ᠢᠶᠡᠷ ᠢᠶᠡᠨ ᠲᠥᠯᠥᠪᠦᠷᠢ ᠶᠢ ᠨᠢ ᠤᠯᠭᠤᠬᠤ ᠨᠥᠬᠥᠴᠡᠯᠲᠡᠢ ᠪᠡᠷ ᠬᠤᠳᠠᠯᠳᠤᠨ ᠠᠪᠤᠭᠰᠠᠨ ᠪᠠᠶᠢᠨ᠎ᠠ᠃

ᠨᠡᠶᠢᠲᠡᠯᠡᠭᠰᠡᠨ᠄