ᠴᠠᠬᠢᠮ ᠬᠥᠭᠵᠢᠯ᠂ ᠬᠠᠷᠢᠯᠴᠠᠭ᠎ᠠ ᠬᠣᠯᠪᠣᠭᠠᠨ ᠤ ᠳᠡᠳ᠋ ᠰᠠᠶᠢᠳ ᠵ ∙ ᠡᠷᠬᠢᠮᠪᠠᠭᠠᠲᠤᠷ ᠡᠭᠦᠷᠭᠡ ᠳᠦ ᠠᠵᠢᠯ ᠳᠤ ᠪᠠᠨ ᠣᠷᠣᠯ᠎ᠠ


ᠲᠡᠷᠡᠪᠡᠷ ᠑᠙᠘᠔ ᠣᠨ ᠳᠤ ᠳᠣᠷᠣᠨᠠᠭᠣᠪᠢ ᠠᠶᠢᠮᠠᠭ ᠲᠤ ᠲᠦᠷᠦᠭᠰᠡᠨ᠃ ᠒᠐᠐᠐ ᠣᠨ ᠳᠤ ᠬᠡᠨᠲᠡᠢ ᠠᠶᠢᠮᠠᠭ ᠤᠨ ᠪᠣᠷᠣ-ᠥᠨᠳᠥᠷ ᠰᠤᠮᠤ ᠶᠢᠨ ᠶᠡᠷᠦᠩᠬᠡᠢ ᠪᠣᠯᠪᠠᠰᠤᠷᠠᠯ ᠤᠨ ᠳᠤᠮᠳᠠ ᠰᠤᠷᠭᠠᠭᠤᠯᠢ᠂ ᠒᠐᠐᠕ ᠣᠨ ᠳᠤ ᠮᠣᠩᠭᠣᠯ ᠤᠯᠤᠰ ᠤᠨ ᠶᠡᠬᠡ ᠰᠤᠷᠭᠠᠭᠤᠯᠢ ᠦᠨ ᠬᠠᠤᠯᠢ ᠵᠦᠢ ᠶᠢᠨ ᠰᠤᠷᠭᠠᠭᠤᠯᠢ᠂ ᠒᠐᠑᠖ ᠣᠨ ᠳᠤ ᠺᠠᠯᠢᠹᠣᠷᠨᠢ ᠶᠡᠬᠡ ᠰᠤᠷᠭᠠᠭᠤᠯᠢ᠂ ᠪᠧᠷᠺᠯᠢ ᠳ᠋ᠡᠬᠢ ᠬᠠᠤᠯᠢ ᠶᠢᠨ ᠰᠤᠷᠭᠠᠭᠤᠯᠢ ᠶᠢ ᠲᠤᠰ ᠲᠤᠰ ᠲᠡᠭᠦᠰᠦᠭᠰᠡᠨ᠃ ᠬᠠᠤᠯᠢ ᠵᠦᠢ ᠶᠢᠨ ᠮᠠᠭᠢᠰᠲ᠋ᠷ᠂ ᠬᠠᠤᠯᠢᠴᠢ ᠮᠡᠷᠭᠡᠵᠢᠯ ᠲᠡᠢ᠃

-᠒᠐᠐᠕-᠒᠐᠐᠖ ᠣᠨ ᠳᠤ 《ᠰᠤᠪᠤᠳ》 ᠬᠠᠤᠯᠢ ᠵᠦᠢ ᠶᠢᠨ ᠲᠣᠪᠴᠢᠶᠠᠨ ᠳᠤ ᠲᠤᠰᠠᠯᠠᠬᠤ ᠬᠠᠤᠯᠢᠴᠢ
-᠒᠐᠐᠖-᠒᠐᠐᠗ ᠣᠨ ᠳᠤ ᠬᠤᠳᠠᠯᠳᠤᠭ᠎ᠠ ᠦᠢᠯᠡᠳᠪᠦᠷᠢᠯᠡᠯ ᠦᠨ ᠳᠡᠭᠡᠳᠦ ᠰᠤᠷᠭᠠᠭᠤᠯᠢ ᠳᠤ ᠪᠠᠭᠰᠢ
-᠒᠐᠐᠗-᠒᠐᠐᠘ ᠣᠨ ᠳᠤ 《ᠭᠣᠪᠢ》 ХК ᠍ ᠳᠦ ᠬᠠᠤᠯᠢᠴᠢ
-᠒᠐᠐᠘-᠒᠐᠐᠙ ᠣᠨ ᠳᠤ ᠮᠣᠩᠭᠣᠯ ᠤᠯᠤᠰ ᠤᠨ ᠶᠡᠬᠡ ᠰᠤᠷᠭᠠᠭᠤᠯᠢ ᠶᠢᠨ ᠬᠠᠤᠯᠢ ᠵᠦᠢ ᠶᠢᠨ ᠰᠤᠷᠭᠠᠭᠤᠯᠢ ᠳᠤ ᠪᠠᠭᠰᠢ
-᠒᠐᠐᠘-᠒᠐᠑᠐ ᠣᠨ ᠳᠤ 《ᠯᠧᠭᠠᠰ ᠫᠠᠷᠲ᠋ᠨᠧᠷᠰ》 ᠬᠠᠤᠯᠢ ᠶᠢᠨ ᠹᠢᠷᠮ ᠦᠨ ᠭᠦᠢᠴᠡᠳᠭᠡᠬᠦ ᠵᠠᠬᠢᠷᠤᠯ
-᠒᠐᠑᠐-᠒᠐᠑᠙ ᠣᠨ ᠳᠤ 《ᠮᠣᠩᠷᠣᠰᠺᠣᠨᠰᠠᠯᠲᠠᠨ ᠢ》 ХХК ᠍ ᠤᠨ ᠭᠦᠢᠴᠡᠳᠭᠡᠬᠦ ᠵᠠᠬᠢᠷᠤᠯ
-᠒᠐᠑᠙ ᠣᠨ ᠠᠴᠠ 《ᠡᠷᠬᠢᠮ ᠡᠨᠳᠡ ᠪᠧᠷᠺᠯᠢ》 ᠬᠠᠤᠯᠢ ᠶᠢᠨ ᠹᠢᠷᠮ ᠦᠨ ᠭᠦᠢᠴᠡᠳᠭᠡᠬᠦ ᠵᠠᠬᠢᠷᠤᠯ
-᠒᠐᠒᠒ ᠣᠨ ᠠᠴᠠ ᠬᠥᠭᠵᠢᠯ ᠦᠨ ᠪᠠᠩᠬᠢᠨ ᠤ ᠦᠢᠯᠡ ᠠᠵᠢᠯᠯᠠᠭ᠎ᠠ ᠡᠷᠬᠢᠯᠡᠭᠰᠡᠨ ᠳᠡᠳ᠋ ᠵᠠᠬᠢᠷᠤᠯ ᠢᠶᠠᠷ ᠠᠵᠢᠯᠯᠠᠵᠤ ᠪᠠᠶᠢᠪᠠ᠃
ᠮᠣᠩᠭᠣᠯ ᠤᠯᠤᠰ ᠤᠨ ᠵᠠᠰᠠᠭ ᠤᠨ ᠭᠠᠵᠠᠷ ᠠᠴᠠ ᠳᠡᠪᠰᠢᠭᠦᠯᠦᠭᠰᠡᠨ ᠵᠣᠷᠢᠯᠲᠠ ᠶᠢ ᠬᠡᠷᠡᠭᠵᠢᠭᠦᠯᠬᠦ ᠤᠷ᠎ᠠ ᠴᠢᠳᠠᠪᠤᠷᠢ᠂ ᠲᠤᠬᠠᠢ ᠶᠢᠨ ᠠᠵᠢᠯ ᠡᠭᠦᠷᠭᠡ ᠶᠢ ᠭᠦᠢᠴᠡᠳᠬᠡᠭᠦᠯᠬᠦ ᠳᠦ ᠬᠤᠷᠠᠮᠲᠤᠯᠠᠭᠤᠯᠤᠭᠰᠠᠨ ᠲᠤᠷᠰᠢᠯᠭ᠎ᠠ ᠮᠡᠳᠡᠯᠭᠡ᠂ ᠲᠠᠩᠬᠢᠮ ᠤᠨ ᠵᠠᠷᠴᠢᠮ ᠢᠶᠠᠷ ᠠᠵᠢᠯᠯᠠᠬᠤ᠂ ᠤᠳᠤᠷᠢᠳᠤᠨ ᠵᠣᠬᠢᠶᠠᠨ ᠪᠠᠶᠢᠭᠤᠯᠬᠤ ᠴᠢᠳᠠᠪᠤᠷᠢ᠂ ᠠᠵᠢᠯ ᠬᠡᠷᠡᠭᠴᠢ ᠴᠢᠨᠠᠷ ᠵᠡᠷᠭᠡ ᠶᠢ ᠨᠢ ᠦᠨᠳᠦᠰᠦᠯᠡᠨ ᠲᠡᠭᠦᠨ ᠢ ᠴᠠᠬᠢᠮ ᠬᠥᠭᠵᠢᠯ᠂ ᠬᠠᠷᠢᠯᠴᠠᠭ᠎ᠠ ᠬᠣᠯᠪᠣᠭᠠᠨ ᠤ ᠳᠡᠳ᠋ ᠰᠠᠶᠢᠳ ᠢᠶᠠᠷ ᠲᠣᠮᠢᠯᠠᠵᠠᠢ᠃

ᠨᠡᠶᠢᠲᠡᠯᠡᠭᠰᠡᠨ᠄