ᠬ ∙ ᠡᠩᠬᠡᠮᠠᠩᠯᠠᠢ᠄ ᠰᠠᠨᠰᠠᠷ ᠰᠤᠳᠤᠯᠤᠯ ᠢ ᠬᠥᠭᠵᠢᠭᠦᠯᠬᠦ ᠳᠦ ᠡᠨᠡ ᠲᠠᠯ᠎ᠠ ᠪᠠᠷ ᠪᠠᠷᠢᠮᠲᠠᠯᠠᠬᠤ ᠪᠣᠳᠣᠯᠭ᠎ᠠ᠂ ᠤᠭ ᠠᠰᠠᠭᠤᠳᠠᠯ ᠢ ᠵᠣᠬᠢᠴᠠᠭᠤᠯᠤᠭᠰᠠᠨ ᠬᠠᠤᠯᠢ ᠲᠣᠭᠲᠠᠭᠠᠮᠵᠢ ᠬᠣᠶᠠᠷ ᠬᠣᠷᠰᠢᠵᠤ ᠪᠠᠶᠢᠵᠤ ᠦᠷ᠎ᠡ ᠳᠦᠩᠭᠡ ᠪᠡᠨ ᠥᠭᠭᠦᠨ᠎ᠡ᠃


ᠰᠠᠨᠰᠠᠷ ᠰᠤᠳᠤᠯᠤᠯ ᠢ ᠬᠥᠭᠵᠢᠭᠦᠯᠬᠦ ᠳᠦ ᠪᠠᠷᠢᠮᠲᠠᠯᠠᠬᠤ ᠴᠢᠭᠯᠡᠯ ᠪᠠᠲᠤᠯᠠᠭᠳᠠᠭᠰᠠᠨ ᠲᠠᠢ ᠬᠣᠯᠪᠣᠭᠳᠠᠭᠤᠯᠤᠨ ᠼᠾᠾᠾ᠎᠎᠎᠎᠎᠎᠎᠎ᠶᠠ ᠍ ᠤ ᠬᠠᠷᠢᠯᠴᠠᠭ᠎ᠠ᠂ ᠬᠣᠯᠪᠣᠭᠠᠨ ᠤ ᠪᠣᠳᠣᠯᠭ᠎ᠠ ᠶᠢᠨ ᠬᠡᠷᠡᠭᠵᠢᠯᠲᠡ ᠶᠢ ᠵᠣᠬᠢᠴᠠᠭᠤᠯᠬᠤ ᠭᠠᠵᠠᠷ ᠤᠨ ᠳᠠᠷᠤᠭ᠎ᠠ ᠬ ∙ ᠡᠩᠬᠡᠮᠠᠩᠯᠠᠢ ᠲᠠᠢ ᠶᠠᠷᠢᠯᠴᠠᠯ᠎ᠠ᠃

《ᠮᠣᠩᠭᠣᠯ ᠤᠯᠤᠰ ᠲᠤ ᠰᠠᠨᠰᠠᠷ ᠰᠤᠳᠤᠯᠤᠯ ᠢ ᠬᠥᠭᠵᠢᠭᠦᠯᠬᠦ ᠳᠦ ᠪᠠᠷᠢᠮᠲᠠᠯᠠᠬᠤ ᠴᠢᠭᠯᠡᠯ》 ᠡᠨᠡᠬᠦ ᠪᠠᠷᠢᠮᠲᠠ ᠪᠢᠴᠢᠭ ᠦᠨ ᠵᠣᠷᠢᠯᠭ᠎ᠠ ᠤᠤ ᠪᠤᠢ?

ᠳᠡᠯᠡᠬᠡᠢ ᠨᠡᠶᠢᠲᠡ ᠪᠡᠷ ᠰᠠᠨᠰᠠᠷ ᠰᠤᠳᠤᠯᠤᠯ ᠤᠨ ᠰᠠᠯᠪᠤᠷᠢ ᠡᠷᠴᠢᠮᠲᠡᠢ ᠬᠥᠭᠵᠢᠵᠦ᠂ ᠡᠨᠡᠬᠦ ᠬᠥᠭᠵᠢᠯ ᠨᠢ ᠲᠤᠰᠠᠭᠠᠷ ᠲᠣᠭᠲᠠᠨᠢᠭᠰᠠᠨ ᠤᠯᠤᠰ ᠪᠦᠷᠢ ᠶᠢᠨ ᠠᠩᠬᠠᠷᠤᠯ ᠬᠠᠨᠳᠤᠭᠤᠯᠬᠤ ᠱᠠᠭᠠᠷᠳᠠᠯᠭ᠎ᠠ ᠲᠠᠢ ᠠᠰᠠᠭᠤᠳᠠᠯ ᠤᠳ ᠤᠨ ᠨᠢᠭᠡ ᠪᠣᠯᠵᠤ᠂ ᠴᠢᠨᠠᠭᠰᠢᠯᠠᠭᠠᠳ ᠪᠢᠳᠡᠨ ᠦ ᠡᠳᠦᠷ ᠲᠤᠲᠤᠮ ᠤᠨ ᠠᠮᠢᠳᠤᠷᠠᠯ ᠳᠤ ᠰᠠᠨᠰᠠᠷ ᠤᠨ ᠲᠧᠭᠨᠣᠯᠣᠭᠢ ᠶᠢᠨ ᠬᠡᠷᠡᠭᠯᠡᠭᠡ ᠥᠷᠭᠡᠨ ᠨᠡᠪᠲᠡᠷᠡᠴᠢ ᠡᠬᠢᠯᠡᠭᠡᠳ ᠪᠠᠶᠢᠨ᠎ᠠ᠃ ᠮᠢᠨᠤ ᠪᠡᠶ᠎ᠡ ᠡᠨᠡ ᠵᠢᠯ ᠠᠽᠢᠶ᠎ᠠ ᠨᠣᠮᠣᠬᠠᠨ ᠳᠠᠯᠠᠢ ᠰᠠᠨᠰᠠᠷ ᠤᠨ ᠬᠠᠮᠲᠤ ᠶᠢᠨ ᠠᠵᠢᠯᠯᠠᠭᠠᠨ ᠤ ᠪᠠᠶᠢᠭᠤᠯᠤᠯᠭ᠎ᠠ ᠶᠢᠨ ᠤᠳᠤᠷᠢᠳᠬᠤ ᠵᠥᠪᠯᠡᠯ ᠦᠨ ᠑᠖ ᠳ᠋ᠤᠭᠠᠷ ᠬᠤᠷᠠᠯ ᠳᠤ ᠣᠷᠣᠯᠴᠠᠬᠤ ᠳᠤ ᠶᠡᠬᠡᠩᠬᠢ ᠤᠯᠤᠰ ᠣᠷᠣᠨ ᠨᠤᠭᠤᠳ ᠰᠠᠨᠰᠠᠷ ᠰᠤᠳᠤᠯᠤᠯ ᠤᠨ ᠲᠠᠯ᠎ᠠ ᠪᠠᠷ ᠲᠥᠷᠦ ᠡᠴᠡ ᠪᠠᠷᠢᠮᠲᠠᠯᠠᠬᠤ ᠪᠣᠳᠣᠯᠭ᠎ᠠ ᠪᠣᠯᠤᠨ ᠬᠠᠤᠯᠢ ᠲᠣᠭᠲᠠᠭᠠᠮᠵᠢ ᠲᠠᠢ /ᠰᠫᠡᠡᠶᠰᠢ ᠫᠣᠯᠢᠼᠢ/ᠪᠣᠯᠤᠨ ᠰᠫᠡ᠋ᠡᠰᠢ ᠯᠠᠸ/ ᠪᠣᠯᠵᠤ ᠪᠠᠶᠢᠭ᠎ᠠ ᠲᠠᠯ᠎ᠠ ᠪᠠᠷ ᠶᠠᠷᠢᠭᠳᠠᠯ᠎ᠠ᠃ ᠪᠢᠳᠡ ᠡᠨᠡᠬᠦ ᠣᠯᠠᠨ ᠤᠯᠤᠰ ᠤᠨ ᠴᠢᠭ ᠬᠠᠨᠳᠤᠯᠭ᠎ᠠ ᠶᠢ ᠳᠠᠭᠠᠨ᠂ ᠣᠶᠢᠷ᠎ᠠ ᠶᠢᠨ ᠀᠐ ᠵᠢᠯ ᠢ ᠬᠠᠷᠠᠭᠰᠠᠨ ᠪᠠᠷᠢᠮᠲᠠᠯᠠᠬᠤ ᠴᠢᠭᠯᠡᠯ ᠲᠡᠢ ᠪᠣᠯᠬᠤ ᠨᠢ ᠵᠦᠢᠲᠡᠢ ᠭᠡᠵᠦ ᠦᠵᠡᠨ ᠠᠵᠢᠯ ᠢᠶᠠᠨ ᠡᠬᠢᠯᠡᠭᠦᠯᠦᠭᠰᠡᠨ ᠪᠥᠭᠡᠳ ᠬᠣᠯᠪᠣᠭᠳᠠᠬᠤ ᠓᠗ ᠪᠠᠶᠢᠭᠤᠯᠤᠯᠭ᠎ᠠ ᠠᠴᠠ ᠰᠠᠨᠠᠯ ᠠᠪᠴᠤ᠂ ᠬᠠᠮᠲᠤᠷᠠᠭᠰᠠᠨ ᠬᠡᠯᠡᠯᠴᠡᠭᠦᠯᠭᠡ ᠵᠣᠬᠢᠶᠠᠨ ᠪᠠᠶᠢᠭᠤᠯᠵᠤ᠂ ᠰᠢᠨᠵᠢᠯᠡᠬᠦ ᠤᠬᠠᠭᠠᠨ ᠤ ᠠᠺᠠᠳᠧᠮᠢ᠂ ᠶᠡᠬᠡ ᠰᠤᠷᠭᠠᠭᠤᠯᠢ ᠨᠤᠭᠤᠳ᠂ ᠶᠠᠮᠤ ᠳᠤ᠂ ᠡᠨᠡ ᠴᠢᠭᠯᠡᠯ ᠦᠨ ᠮᠡᠷᠭᠡᠵᠢᠯᠲᠡᠨ ᠰᠤᠳᠤᠯᠤᠭᠠᠴᠢᠳ ᠵᠡᠷᠭᠡ ᠣᠯᠠᠨ ᠲᠠᠯ᠎ᠠ ᠶᠢᠨ ᠲᠥᠯᠦᠭᠡᠯᠡᠯ ᠢ ᠣᠷᠤᠯᠴᠠᠭᠤᠯᠤᠨ ᠪᠣᠯᠪᠠᠰᠤᠷᠠᠭᠤᠯᠤᠭᠰᠠᠨ᠃

ᠤᠭ ᠪᠠᠷᠢᠮᠲᠠᠯᠠᠬᠤ ᠴᠢᠭᠯᠡᠯ ᠦᠨ ᠵᠣᠷᠢᠯᠭ᠎ᠠ ᠨᠢ ᠰᠠᠨᠰᠠᠷ ᠰᠤᠳᠤᠯᠤᠯ ᠤᠨ ᠲᠧᠭᠨᠢᠭ ᠲᠧᠭᠨᠣᠯᠣᠭᠢ ᠶᠢ ᠬᠥᠭᠵᠢᠭᠦᠯᠬᠦ᠂ ᠦᠨᠳᠦᠰᠦᠨ ᠦ ᠬᠢᠮᠡᠯ ᠳᠠᠭᠠᠭᠤᠯᠢ ᠬᠥᠭᠡᠷᠭᠡᠬᠦ᠂ ᠬᠢᠮᠡᠯ ᠳᠠᠭᠠᠭᠤᠯᠢ ᠶᠢᠨ ᠮᠡᠳᠡᠭᠡᠯᠡᠯ ᠢ ᠪᠣᠯᠪᠠᠰᠤᠷᠠᠭᠤᠯᠤᠨ ᠠᠰᠢᠭᠯᠠᠬᠤ ᠦᠢᠯᠡ ᠠᠵᠢᠯᠯᠠᠭ᠎ᠠ ᠶᠢ ᠡᠷᠴᠢᠮᠵᠢᠭᠦᠯᠬᠦ ᠵᠠᠮ ᠢᠶᠠᠷ ᠮᠣᠩᠭᠣᠯ ᠤᠯᠤᠰ ᠲᠤ ᠰᠠᠨᠰᠠᠷ ᠰᠤᠳᠤᠯᠤᠯ ᠢ ᠬᠥᠭᠵᠢᠭᠦᠯᠬᠦ ᠳᠦ ᠣᠷᠣᠰᠢᠵᠤ ᠪᠠᠶᠢᠭ᠎ᠠ ᠶᠤᠮ᠃

ᠠᠭᠤᠯᠭ᠎ᠠ᠂ ᠬᠠᠮᠤᠷᠬᠤ ᠬᠦᠷᠢᠶᠡᠨ ᠦ ᠲᠠᠯ᠎ᠠ ᠪᠠᠷ ᠮᠡᠳᠡᠭᠡᠯᠡᠯ ᠥᠭᠭᠦᠬᠦ ᠦᠭᠡᠢ ᠤᠤ?

ᠰᠫᠡᠡᠶᠰᠢ ᠫᠣᠯᠢᠼᠢ ᠪᠣᠯᠤᠨ ᠰᠫᠡ᠋ᠡᠰᠢ ᠯᠠᠸ ᠭᠡᠰᠡᠨ ᠒ ᠰᠫᠡᠡᠶᠰᠢ ᠫᠣᠯᠢᠼᠢ ᠣᠶᠢᠯᠠᠭᠠᠯᠲᠠ ᠪᠠᠶᠢᠳᠠᠭ. ᠨᠢ ᠲᠤᠬᠠᠢ ᠶᠢᠨ ᠤᠯᠤᠰ ᠶᠡᠷᠦ ᠨᠢ ᠰᠠᠨᠰᠠᠷ ᠰᠤᠳᠤᠯᠤᠯ᠂ ᠰᠠᠨᠰᠠᠷ ᠤᠨ ᠲᠧᠭᠨᠣᠯᠣᠭᠢ ᠶᠢᠨ ᠴᠢᠭᠯᠡᠯ ᠢᠶᠡᠷ ᠤᠷᠲᠤ᠂ ᠳᠤᠮᠳᠠ ᠬᠤᠭᠤᠴᠠᠭᠠᠨ ᠳᠤ ᠪᠠᠨ ᠶᠠᠮᠠᠷ ᠪᠣᠳᠣᠯᠭ᠎ᠠ ᠪᠠᠷᠢᠮᠲᠠᠯᠠᠬᠤ ᠶᠤᠮ ᠭᠡᠳᠡᠭ ᠢ ᠬᠠᠷᠠᠭᠤᠯᠤᠭᠰᠠᠨ ᠪᠠᠷᠢᠮᠲᠠ ᠪᠢᠴᠢᠭ ᠪᠠᠶᠢᠳᠠᠭ᠃ ᠪᠢᠳᠡ ᠡᠭᠦᠨ ᠢ ᠪᠣᠯᠪᠠᠰᠤᠷᠠᠭᠤᠯᠬᠤ ᠶᠢ ᠵᠣᠷᠢᠭᠰᠠᠨ᠃ ᠴᠠᠬᠢᠮ ᠬᠥᠭᠵᠢᠯ᠂ ᠬᠠᠷᠢᠯᠴᠠᠭ᠎ᠠ ᠬᠣᠯᠪᠣᠭᠠᠨ ᠤ ᠰᠠᠶᠢᠳ ᠤᠨ ᠡᠷᠬᠢᠯᠡᠬᠦ ᠠᠰᠠᠭᠤᠳᠠᠯ ᠤᠨ ᠬᠦᠷᠢᠶᠡᠨ ᠳᠦ ᠰᠠᠨᠰᠠᠷ ᠰᠤᠳᠤᠯᠤᠯ ᠤᠨ ᠲᠠᠯ᠎ᠠ ᠪᠠᠷ ᠣᠶᠢᠷ᠎ᠠ ᠶᠢᠨ ᠑᠐ ᠵᠢᠯ ᠳᠦ ᠪᠡᠨ ᠪᠠᠷᠢᠮᠲᠠᠯᠠᠬᠤ ᠪᠣᠳᠣᠯᠭ᠎ᠠ ᠶᠢᠨ ᠴᠢᠭᠯᠡᠯ ᠢ ᠪᠠᠲᠤᠯᠠᠨ ᠭᠠᠷᠭᠠᠭᠰᠠᠨ ᠢᠶᠠᠷ ᠬᠣᠯᠪᠣᠭᠳᠠᠬᠤ ᠪᠠᠶᠢᠭᠤᠯᠤᠯᠭ᠎ᠠ ᠨᠤᠭᠤᠳ ᠨᠢᠭᠡᠳᠦᠭᠰᠡᠨ ᠤᠳᠤᠷᠢᠳᠤᠯᠭ᠎ᠠ ᠵᠣᠬᠢᠶᠠᠨ ᠪᠠᠶᠢᠭᠤᠯᠤᠯᠲᠠ ᠳᠤ ᠣᠷᠣᠵᠤ᠂ ᠒᠐᠒᠓-᠒᠐᠓᠓ ᠣᠨ ᠳᠤ ᠰᠠᠨᠰᠠᠷ ᠰᠤᠳᠤᠯᠤᠯ᠂ ᠰᠠᠨᠰᠠᠷ ᠤᠨ ᠲᠧᠭᠨᠣᠯᠣᠭᠢ ᠶᠢ ᠬᠥᠭᠵᠢᠭᠦᠯᠬᠦ ᠲᠥᠯᠥᠪᠯᠡᠭᠡ ᠭᠠᠷᠭᠠᠨ ᠬᠠᠮᠲᠤᠷᠠᠵᠤ ᠠᠵᠢᠯᠯᠠᠬᠤ ᠥᠨᠳᠥᠷ ᠠᠴᠢ ᠬᠣᠯᠪᠣᠭᠳᠠᠯ ᠲᠠᠢ ᠶᠤᠮ᠃

ᠰᠠᠶ᠋ᠢ ᠰᠫᠡ᠋ᠡᠰᠢ ᠯᠠᠸ ᠪᠤᠶᠤ ᠰᠠᠨᠰᠠᠷ ᠤᠨ ᠬᠠᠤᠯᠢ ᠲᠣᠭᠲᠠᠭᠠᠮᠵᠢ ᠶᠢᠨ ᠲᠠᠯ᠎ᠠ ᠪᠠᠷ ᠳᠤᠷᠠᠳᠤᠯ᠎ᠠ᠃ ᠡᠨᠡ ᠲᠠᠯ᠎ᠠ ᠪᠠᠷ ᠳᠡᠯᠭᠡᠷᠡᠭᠦᠯᠪᠡᠯ?

ᠲᠡᠶᠢᠮᠦ ᠡ᠂ ᠰᠠᠨᠰᠠᠷ ᠰᠤᠳᠤᠯᠤᠯ ᠤᠨ ᠲᠠᠯ᠎ᠠ ᠪᠠᠷ ᠪᠠᠷᠢᠮᠲᠠᠯᠠᠬᠤ ᠪᠣᠳᠣᠯᠭ᠎ᠠ ᠪᠣᠯᠤᠨ ᠤᠭ ᠠᠰᠠᠭᠤᠳᠠᠯ ᠢ ᠵᠣᠬᠢᠴᠠᠭᠤᠯᠤᠭᠰᠠᠨ ᠬᠠᠤᠯᠢ ᠲᠣᠭᠲᠠᠭᠠᠮᠵᠢ ᠒ ᠨᠢ ᠬᠣᠷᠰᠢᠵᠤ ᠪᠠᠶᠢᠵᠤ ᠦᠷ᠎ᠡ ᠳᠦᠩᠭᠡ ᠪᠡᠨ ᠥᠭᠳᠡᠭ ᠲᠤᠷᠰᠢᠯᠭ᠎ᠠ ᠪᠤᠢ᠃ ᠪᠢᠳᠡ ᠪᠠᠷᠢᠮᠲᠠᠯᠠᠬᠤ ᠴᠢᠭᠯᠡᠯ ᠢᠶᠡᠨ ᠭᠠᠷᠭᠠᠭᠰᠠᠨ ᠪᠣᠯ ᠣᠳᠣ ᠡᠨᠡ ᠲᠠᠯ᠎ᠠ ᠶᠢᠨ ᠬᠠᠤᠯᠢ ᠲᠠᠢ ᠪᠣᠯᠬᠤ ᠱᠠᠭᠠᠷᠳᠠᠯᠭ᠎ᠠ ᠲᠠᠢ᠃ ᠮᠡᠳᠡᠭᠡᠵᠢ ᠬᠠᠤᠯᠢ ᠶᠢᠨ ᠲᠥᠰᠥᠯ ᠪᠣᠯᠪᠠᠰᠤᠷᠠᠭᠤᠯᠬᠤ ᠶᠢᠨ ᠡᠮᠦᠨ᠎ᠡ ᠰᠤᠳᠤᠯᠭ᠎ᠠ ᠬᠢᠨ᠎ᠡ᠃ ᠰᠤᠳᠤᠯᠭ᠎ᠠ ᠪᠠᠷ ᠦᠨᠡᠬᠡᠷ ᠰᠠᠨᠰᠠᠷ ᠰᠤᠳᠤᠯᠤᠯ ᠤᠨ ᠲᠠᠯ᠎ᠠ ᠪᠠᠷ ᠬᠠᠤᠯᠢ ᠪᠠᠲᠤᠯᠠᠬᠤ ᠬᠡᠷᠡᠭᠴᠡᠭᠡ ᠱᠠᠭᠠᠷᠳᠠᠯᠭ᠎ᠠ ᠪᠠᠶᠢᠭ᠎ᠠ ᠡᠰᠡᠬᠦ ᠶᠢ ᠨᠠᠷᠢᠪᠴᠢᠯᠠᠨ ᠭᠠᠷᠭᠠᠵᠤ ᠢᠷᠡᠨ᠎ᠡ᠃ ᠤᠭ ᠴᠢᠭᠯᠡᠯ ᠦᠨ ᠬᠠᠤᠯᠢ ᠭᠡᠳᠡᠭ ᠨᠢ ᠮᠣᠩᠭᠣᠯ ᠤᠯᠤᠰ ᠤᠨ ᠰᠠᠨᠰᠠᠷ ᠰᠤᠳᠤᠯᠤᠯ᠂ ᠰᠠᠨᠰᠠᠷ ᠣᠭᠲᠠᠷᠭᠤᠢ ᠶᠢᠨ ᠠᠭᠤᠳᠠᠮ᠂ ᠭᠧᠣ ᠮᠠᠨᠳᠤᠯ ᠤᠨ ᠣᠷᠣᠨ ᠵᠠᠢ ᠶᠢ ᠠᠰᠢᠭᠯᠠᠬᠤ᠂ ᠰᠠᠨᠰᠠᠷ ᠤᠨ ᠲᠧᠭᠨᠢᠭ ᠲᠧᠭᠨᠣᠯᠣᠭᠢ ᠶᠢ ᠬᠥᠭᠵᠢᠭᠦᠯᠬᠦ᠂ ᠰᠠᠨᠰᠠᠷ ᠤᠨ ᠬᠣᠭ ᠬᠠᠶᠠᠭᠳᠠᠯ ᠤᠨ ᠠᠰᠠᠭᠤᠳᠠᠯ ᠢ ᠵᠣᠬᠢᠴᠠᠭᠤᠯᠬᠤ ᠵᠡᠷᠭᠡ ᠣᠶᠢᠯᠠᠭᠠᠯᠲᠠ ᠶᠢ ᠲᠤᠰᠬᠠᠭᠰᠠᠨ ᠡᠷᠬᠡ ᠵᠦᠢ ᠶᠢᠨ ᠪᠠᠷᠢᠮᠲᠠ ᠪᠢᠴᠢᠭ ᠶᠤᠮ᠃

ᠰᠠᠨᠰᠠᠷ ᠰᠤᠳᠤᠯᠤᠯ ᠤᠨ ᠲᠠᠯ᠎ᠠ ᠪᠠᠷ ᠬᠠᠤᠯᠢᠲᠠᠢ ᠪᠣᠯᠤᠨ᠎ᠠ ᠭᠡᠬᠦ ᠪᠡᠷ ᠬᠣᠯᠠ ᠰᠣᠨᠣᠰᠤᠭᠳᠠᠵᠤ ᠮᠠᠭᠠᠳ ᠦᠭᠡᠢ᠃ ᠭᠡᠲᠡᠯ᠎ᠡ ᠪᠢᠳᠡᠨ ᠦ ᠵᠤᠯᠠᠢ ᠳᠡᠭᠡᠷ᠎ᠡ ᠡᠴᠡ ᠡᠬᠢᠯᠡᠭᠡᠳ ᠔᠐᠂᠐᠐᠐ ᠺᠢᠯᠣᠮᠧᠲ᠋ᠷ ᠬᠦᠷᠲᠡᠯᠡᠬᠢ ᠣᠷᠣᠨ ᠵᠠᠢ ᠥᠪᠡᠷ ᠢᠶᠡᠨ ᠲᠣᠳᠣᠷᠬᠠᠢ ᠬᠡᠮᠵᠢᠶᠡᠨ ᠦ ᠵᠣᠬᠢᠴᠠᠭᠤᠯᠤᠯᠲᠠ ᠱᠠᠭᠠᠷᠳᠠᠳᠠᠭ᠃ ᠮᠥᠨ ᠪᠢᠳᠡ ᠥᠪᠡᠷ ᠦᠨ ᠭᠡᠰᠡᠨ ᠥᠮᠴᠢᠯᠡᠭᠰᠡᠨ ᠭᠠᠵᠠᠷ ᠲᠠᠢ ᠪᠠᠶᠢᠳᠠᠭ ᠰᠢᠭ ᠮᠣᠩᠭᠣᠯ ᠤᠯᠤᠰ ᠲᠤ ᠴᠤ ᠰᠠᠨᠰᠠᠷ ᠤᠨ ᠲᠣᠭᠣᠷᠢᠭ ᠵᠠᠮ ᠳᠤ ᠒ ᠪᠠᠶᠢᠷᠢᠯᠠᠯ ᠪᠤᠢ᠃ ᠤᠭ ᠪᠠᠶᠢᠷᠢᠯᠠᠯ ᠢᠶᠠᠨ ᠬᠡᠷᠬᠢᠨ ᠣᠨᠣᠪᠴᠢᠲᠠᠢ ᠠᠰᠢᠭᠯᠠᠬᠤ ᠠᠰᠠᠭᠤᠳᠠᠯ ᠢ ᠴᠤ ᠵᠣᠬᠢᠴᠠᠭᠤᠯᠬᠤ ᠱᠠᠭᠠᠷᠳᠠᠯᠭ᠎ᠠ ᠲᠠᠢ᠃ ᠴᠢᠨᠠᠭᠰᠢᠯᠠᠭᠠᠳ ᠰᠠᠨᠰᠠᠷ ᠤᠨ ᠬᠣᠭ ᠬᠠᠶᠠᠭᠳᠠᠯ᠂ ᠭᠠᠷᠠᠭ ᠡᠷᠬᠡᠰ ᠦᠨ ᠰᠤᠳᠤᠯᠭ᠎ᠠ᠂ ᠰᠠᠷ᠎ᠠ᠂ ᠮᠠᠷᠰ ᠢ ᠡᠵᠡᠮᠰᠢᠬᠦ ᠪᠤᠰᠤᠳ ᠣᠷᠣᠨ ᠤ ᠲᠥᠯᠥᠪᠯᠡᠭᠡ ᠵᠡᠷᠭᠡ ᠲᠣᠮᠣᠬᠠᠨ ᠲᠥᠰᠥᠯ ᠦᠳ ᠲᠦ ᠮᠠᠨ ᠤ ᠰᠤᠳᠤᠯᠤᠭᠠᠴᠢᠳ᠂ ᠮᠡᠷᠭᠡᠵᠢᠯᠲᠡᠨ ᠨᠦᠭᠦᠳ ᠣᠷᠣᠵᠤ ᠠᠵᠢᠯᠯᠠᠬᠤ ᠪᠦᠷᠢᠨ ᠪᠣᠯᠤᠮᠵᠢ ᠲᠠᠢ᠃ ᠲᠡᠶᠢᠮᠦ ᠡᠴᠡ ᠪᠢᠳᠡ ᠣᠯᠠᠨ ᠤᠯᠤᠰ ᠤᠨ ᠪᠠᠶᠢᠭᠤᠯᠤᠯᠭ᠎ᠠ ᠨᠤᠭᠤᠳ ᠤᠨ ᠵᠥᠪᠯᠡᠮᠵᠢ ᠶᠢᠨ ᠳᠠᠭᠠᠤ ᠡᠨᠡ ᠴᠢᠭᠯᠡᠯ ᠦᠨ ᠬᠠᠤᠯᠢ ᠲᠣᠭᠲᠠᠭᠠᠮᠵᠢ ᠶᠢᠨ ᠲᠠᠯ᠎ᠠ ᠪᠠᠷ ᠰᠤᠳᠤᠯᠵᠤ ᠡᠬᠢᠯᠡᠭᠡᠳ ᠪᠠᠶᠢᠭ᠎ᠠ ᠶᠤᠮ᠃

ᠪᠠᠷᠢᠮᠲᠠᠯᠠᠬᠤ ᠴᠢᠭᠯᠡᠯ ᠦᠨ ᠭᠣᠣᠯ ᠦᠵᠡᠯ ᠰᠠᠨᠠᠭ᠎ᠠ ᠨᠢ ᠤᠤ ᠪᠤᠢ?

᠒᠐᠔᠐ ᠣᠨ ᠭᠡᠬᠦ ᠳᠦ ᠑᠂᠓ ᠶᠡᠬᠡ ᠨᠠᠶᠤᠳ — ᠪᠣᠯᠵᠤ ᠥᠰᠬᠦ ᠰᠠᠨᠰᠠᠷ ᠤᠨ ᠲᠧᠭᠨᠣᠯᠣᠭᠢ ᠶᠢᠨ ᠠᠰᠤᠷᠤ ᠲᠣᠮᠣ ᠵᠠᠬ᠎ᠠ ᠵᠡᠭᠡᠯᠢ ᠳᠦ ᠪᠢᠳᠡ ᠪᠠᠭ᠎ᠠ ᠴᠤ ᠭᠡᠰᠡᠨ ᠣᠷᠣᠨ ᠵᠠᠢ ᠡᠵᠡᠯᠡᠬᠦ ᠶᠢᠨ ᠲᠥᠯᠥᠭᠡ ᠠᠵᠢᠯᠯᠠᠬᠤ ᠶᠣᠰᠣᠲᠠᠢ᠃ ᠨᠥᠭᠥᠭᠡ ᠲᠠᠯ᠎ᠠ ᠪᠠᠷ ᠬᠦᠴᠦᠷᠬᠡᠭ ᠭᠦᠷᠦᠨ ᠨᠦᠭᠦᠳ ᠰᠠᠷ᠎ᠠ ᠶᠢ᠂ ᠮᠠᠷᠰ ᠢ ᠬᠠᠮᠲᠤᠷᠠᠨ ᠰᠤᠳᠤᠯᠬᠤ᠂ ᠡᠵᠡᠮᠰᠢᠬᠦ ᠲᠣᠮᠣᠬᠠᠨ ᠬᠥᠲᠥᠯᠪᠦᠷᠢ ᠭᠠᠷᠭᠠᠵᠤ ᠡᠭᠦᠨ ᠳᠦ ᠪᠡᠨ ᠵᠢᠵᠢᠭ ᠭᠡᠯᠲᠡ ᠦᠭᠡᠢ ᠪᠤᠰᠤᠳ ᠤᠯᠤᠰ ᠤᠳ ᠢ ᠲᠠᠲᠠᠨ ᠣᠷᠤᠯᠴᠠᠭᠤᠯᠬᠤ ᠬᠠᠨᠳᠤᠯᠭ᠎ᠠ ᠲᠠᠢ ᠪᠠᠶᠢᠨ᠎ᠠ᠃ ᠣᠳᠣ᠂ ᠭᠠᠷᠠᠭ ᠡᠷᠬᠡᠰ ᠰᠤᠳᠤᠯᠤᠯ ᠰᠢᠨ᠎ᠡ ᠱᠠᠲᠤᠨ ᠳᠤ ᠭᠠᠷᠴᠤ᠂ ᠨᠠᠮ ᠣᠷᠪᠢᠲ ᠤᠨ ᠬᠢᠮᠡᠯ ᠳᠠᠭᠠᠭᠤᠯᠢ ᠶᠢᠨ ᠵᠠᠬ᠎ᠠ ᠵᠡᠭᠡᠯᠢ ᠰᠢᠨ᠎ᠡ ᠥᠷᠢᠰᠦᠯᠳᠦᠭᠡᠨ ᠦ ᠲᠠᠯᠠᠪᠤᠷ ᠪᠣᠯᠵᠤ᠂ ᠮᠡᠳᠡᠭᠡᠯᠡᠯ ᠬᠠᠷᠢᠯᠴᠠᠭ᠎ᠠ ᠬᠣᠯᠪᠣᠭᠠᠨ ᠤ ᠰᠠᠯᠪᠤᠷᠢ ᠶᠢᠨ ᠪᠦᠲᠦᠭᠡᠭᠳᠡᠬᠦᠨ ᠦᠢᠯᠡᠴᠢᠯᠡᠭᠡ ᠰᠠᠨᠰᠠᠷ ᠤᠨ ᠬᠣᠯᠪᠣᠭ᠎ᠠ ᠲᠠᠢ ᠤᠶᠠᠯᠳᠤᠭ᠎ᠠ ᠲᠠᠢ ᠬᠥᠭᠵᠢᠬᠦ ᠳᠦᠷᠢ ᠵᠢᠷᠤᠭ ᠬᠠᠷᠠᠭᠳᠠᠵᠤ ᠪᠠᠶᠢᠨ᠎ᠠ᠃ ᠡᠳᠡᠭᠡᠷ ᠥᠭᠡᠷᠡᠴᠢᠯᠡᠯᠲᠡ᠂ ᠬᠥᠭᠵᠢᠯ ᠡᠴᠡ ᠪᠢᠳᠡ ᠬᠤᠴᠤᠷᠠᠵᠤ ᠪᠣᠯᠬᠤ ᠦᠭᠡᠢ᠂ ᠲᠣᠳᠣᠷᠬᠠᠢ ᠬᠡᠮᠵᠢᠶᠡᠨ ᠳᠦ ᠤᠷᠤᠯᠴᠠᠬᠤ ᠶᠣᠰᠣᠲᠠᠢ᠂ ᠡᠭᠦᠨ ᠦ ᠲᠤᠯᠠᠳᠠ ᠳᠣᠲᠣᠭᠠᠳᠤ ᠭᠠᠳᠠᠭᠠᠳᠤ ᠳᠤ ᠮᠡᠷᠭᠡᠵᠢᠯᠲᠡᠨ ᠨᠦᠭᠦᠳ ᠢ ᠪᠡᠯᠡᠳᠬᠡᠬᠦ᠂ ᠲᠡᠳᠡᠨ ᠢ ᠰᠤᠳᠤᠯᠭ᠎ᠠ ᠰᠢᠨᠵᠢᠯᠡᠭᠡ᠂ ᠲᠥᠰᠥᠯ ᠬᠥᠲᠥᠯᠪᠦᠷᠢ ᠨᠦᠭᠦᠳ ᠲᠦ ᠣᠷᠤᠯᠴᠠᠭᠤᠯᠬᠤ᠂ ᠥᠪᠡᠷ ᠦᠨ ᠰᠠᠨᠰᠠᠷ ᠤᠨ ᠪᠠᠶᠢᠷᠢᠰᠢᠯ ᠢᠶᠠᠨ ᠦᠷ᠎ᠡ ᠳᠦᠩᠲᠡᠢ ᠪᠡᠷ ᠠᠰᠢᠭᠯᠠᠬᠤ᠂ ᠦᠨᠳᠦᠰᠦᠨ ᠦ ᠴᠢᠳᠠᠪᠬᠢ ᠶᠢ ᠪᠡᠬᠢᠵᠢᠭᠦᠯᠬᠦ ᠵᠡᠷᠭᠡ ᠦᠵᠡᠯ ᠰᠠᠨᠠᠭ᠎ᠠ ᠶᠢ ᠤᠭ ᠪᠠᠷᠢᠮᠲᠠ ᠪᠢᠴᠢᠭ ᠲᠦ ᠲᠤᠰᠬᠠᠵᠤ ᠥᠭᠭᠦᠭᠰᠡᠨ᠃

ᠰᠠᠨᠰᠠᠷ ᠰᠤᠳᠤᠯᠤᠯ ᠤᠨ ᠰᠠᠯᠪᠤᠷᠢ ᠳᠤ ᠥᠨᠥᠳᠥᠷ ᠢ ᠬᠦᠷᠲᠡᠯ᠎ᠡ ᠤᠯᠤᠰ ᠣᠷᠣᠨ ᠨᠤᠭᠤᠳ ᠤᠨ ᠵᠠᠰᠠᠭ ᠤᠨ ᠭᠠᠵᠠᠷ ᠭᠣᠣᠯᠯᠠᠬᠤ ᠡᠭᠦᠷᠭᠡ ᠲᠡᠢ ᠪᠠᠶᠢᠭᠰᠠᠨ᠃ ᠰᠡᠭᠦᠯ ᠦᠨ ᠵᠢᠯ ᠦᠳ ᠲᠦ ᠣᠯᠣᠨ ᠤᠯᠣᠰ ᠍ ᠳᠦ ᠬᠤᠪ ᠤᠨ ᠬᠡᠪᠰᠢᠯ ᠦᠨ ᠣᠷᠣᠯᠴᠠᠭ᠎ᠠ ᠨᠡᠮᠡᠭᠳᠡᠵᠦ ᠪᠠᠶᠢᠨ᠎ᠠ᠃ ᠡᠨᠡ ᠴᠢᠭ ᠬᠠᠨᠳᠤᠯᠭ᠎ᠠ ᠳᠤ ᠬᠡᠷᠬᠢᠨ ᠨᠡᠶᠢᠴᠡᠭᠰᠡᠨ ᠪᠤᠢ?

ᠰᠠᠨᠰᠠᠷ ᠰᠤᠳᠤᠯᠤᠯ ᠳᠠᠬᠢ ᠬᠤᠪ ᠤᠨ ᠬᠡᠪᠰᠢᠯ ᠦᠨ ᠣᠷᠣᠯᠴᠠᠭ᠎ᠠ ᠶᠢ ᠬᠡᠷᠬᠢᠨ ᠳᠡᠮᠵᠢᠭᠰᠡᠨ ᠪᠤᠢ?

ᠰᠠᠨᠰᠠᠷ ᠰᠤᠳᠤᠯᠤᠯ ᠤᠨ ᠰᠠᠯᠪᠤᠷᠢ ᠠᠩᠬ᠎ᠠ ᠑᠙᠕᠐-᠑᠙᠖᠐ ᠣᠨ ᠠᠴᠠ ᠬᠥᠭᠵᠢᠵᠦ ᠡᠬᠢᠯᠡᠵᠦ ᠪᠠᠶᠢᠬᠤ ᠳᠤ ᠲᠥᠷᠥ ᠶᠢᠨ ᠣᠷᠣᠯᠴᠠᠭ᠎ᠠ ᠶᠡᠬᠡ ᠪᠠᠶᠢᠭᠰᠠᠨ ᠪᠣᠯ ᠰᠡᠭᠦᠯ ᠦᠨ ᠦᠶ᠎ᠡ ᠳᠦ ᠬᠤᠪ ᠤᠨ ᠬᠡᠪᠰᠢᠯ ᠦᠨ ᠣᠷᠣᠯᠴᠠᠭ᠎ᠠ ᠵᠣᠩᠬᠢᠯᠠᠵᠤ ᠪᠠᠶᠢᠨ᠎ᠠ᠃ ᠡᠭᠦᠨ ᠦ ᠨᠢᠭᠡ ᠲᠣᠳᠣ ᠢᠯᠡᠷᠡᠯ ᠨᠢ ᠺᠣᠮᠫᠠᠨᠢ ᠶᠢᠨ ᠦᠢᠯᠡ ᠠᠵᠢᠯᠯᠠᠭ᠎ᠠ ᠶᠤᠮ᠃ ᠲᠠ ᠪᠦᠬᠦᠨ ᠦ ᠰᠠᠶᠢᠨ ᠮᠡᠳᠡᠬᠦ ᠰᠫᠡ᠋ᠡᠰᠢ ᠬ ᠰᠲᠠᠷᠯᠢᠨᠺ ᠺᠣᠮᠫᠠᠨᠢ ᠶᠢ ᠪᠠᠶᠢᠭᠤᠯᠤᠭᠰᠠᠨ ᠢᠶᠠᠷ ᠳᠡᠯᠡᠬᠡᠢ ᠶᠢᠨ ᠨᠠᠮ ᠣᠷᠪᠢᠲᠠᠳ ᠔᠒᠂᠐᠐᠐ ᠪᠠᠭ᠎ᠠ ᠣᠪᠣᠷ ᠤᠨ ᠬᠢᠮᠡᠯ ᠳᠠᠭᠠᠭᠤᠯᠢ ᠶᠢ ᠬᠦᠭᠰᠡᠭᠦᠯᠬᠦ ᠵᠠᠮ ᠢᠶᠠᠷ ᠳᠡᠯᠡᠬᠡᠢ ᠶᠢᠨ ᠥᠨᠴᠥᠭ ᠪᠤᠯᠤᠨ ᠪᠦᠷᠢ ᠳᠦ ᠢᠨᠲ᠋ᠧᠷᠨᠡᠲ ᠬᠦᠷᠭᠡᠬᠦ ᠪᠡᠷ ᠠᠵᠢᠯᠯᠠᠵᠤ ᠪᠠᠶᠢᠨ᠎ᠠ᠃ ᠮᠠᠨ ᠤ ᠤᠯᠤᠰ ᠤᠨ ᠬᠤᠪᠤ ᠶᠢᠨ ᠬᠡᠪᠰᠢᠯ ᠦᠨ ᠣᠨᠳᠣ ᠰᠠᠲ ᠾᠾᠻ ᠴᠤ ᠪᠠᠰᠠ ᠡᠨᠡ ᠵᠠᠬ᠎ᠠ ᠵᠡᠭᠡᠯᠢ ᠳᠦ ᠭᠠᠷᠬᠤ ᠪᠠᠷ ᠦᠢᠯᠡ ᠠᠵᠢᠯᠯᠠᠭ᠎ᠠ ᠶᠢ ᠪᠠᠨ ᠡᠬᠢᠯᠡᠭᠦᠯᠦᠭᠡᠳ ᠪᠠᠶᠢᠭ᠎ᠠ ᠶᠢ ᠲᠠ ᠪᠢᠳᠡ ᠮᠡᠳᠡᠨ᠎ᠡ᠃

ᠲᠤᠰ ᠪᠠᠷᠢᠮᠲᠠᠯᠠᠬᠤ ᠴᠢᠭᠯᠡᠯ ᠳᠦ ᠬᠤᠪ ᠤᠨ ᠬᠡᠪᠰᠢᠯ ᠦᠨ ᠣᠷᠣᠯᠴᠠᠭ᠎ᠠ ᠶᠢ ᠰᠠᠨᠰᠠᠷ ᠰᠤᠳᠤᠯᠤᠯ᠂ ᠰᠠᠨᠰᠠᠷ ᠤᠨ ᠲᠧᠭᠨᠣᠯᠣᠭᠢ ᠶᠢᠨ ᠦᠢᠯᠡ ᠠᠵᠢᠯᠯᠠᠭᠠᠨ ᠳᠤ ᠢᠯᠡ ᠲᠣᠳᠣ ᠪᠠᠶᠢᠳᠠᠯ ᠢ ᠡᠷᠬᠢᠮᠯᠡᠬᠦ᠂ ᠥᠮᠴᠢ ᠶᠢᠨ ᠬᠡᠯᠪᠡᠷᠢ ᠶᠢ ᠦᠯᠦ ᠬᠠᠷᠠᠭᠠᠯᠵᠠᠨ ᠲᠡᠭᠰᠢ ᠣᠷᠣᠯᠴᠠᠭ᠎ᠠ᠂ ᠴᠢᠯᠦᠭᠡᠲᠦ ᠥᠷᠢᠰᠦᠯᠳᠡᠭᠡᠨ ᠢ ᠬᠠᠩᠭᠠᠨ᠎ᠠ ᠭᠡᠵᠦ ᠵᠢᠭᠠᠵᠤ ᠥᠭᠭᠦᠭᠰᠡᠨ᠃

ᠭᠠᠳᠠᠭᠠᠳᠤ ᠬᠠᠮᠲᠤ ᠶᠢᠨ ᠠᠵᠢᠯᠯᠠᠭ᠎ᠠ ᠪᠠᠨ ᠲᠠᠯ᠎ᠠ ᠪᠠᠷ ᠳᠤᠷᠠᠳᠪᠠᠯ᠂ ᠲᠤᠰ ᠪᠠᠷᠢᠮᠲᠠ ᠪᠢᠴᠢᠭ ᠲᠦ ᠬᠡᠷᠬᠢᠨ ᠲᠤᠰᠬᠠᠭᠳᠠᠭᠰᠠᠨ ᠪᠤᠢ?

ᠰᠠᠨᠰᠠᠷ ᠰᠤᠳᠤᠯᠤᠯ ᠢ ᠬᠥᠭᠵᠢᠭᠦᠯᠬᠦ ᠳᠦ ᠭᠠᠳᠠᠭᠠᠳᠤ ᠬᠠᠮᠲᠤ ᠶᠢᠨ ᠠᠵᠢᠯᠯᠠᠭ᠎ᠠ ᠮᠠᠨ ᠤ ᠤᠯᠤᠰ ᠤᠨ ᠬᠤᠪᠢ ᠳᠤ ᠨᠡᠩ ᠴᠢᠬᠤᠯᠠ ᠠᠰᠠᠭᠤᠳᠠᠯ ᠢ ᠨᠢᠭᠡ ᠶᠠᠭᠤᠮ᠎ᠠ᠃ ᠵᠢᠱᠢᠶ᠎ᠡ ᠨᠢ᠄ ᠣᠯᠠᠨ ᠤᠯᠤᠰ ᠤᠨ ᠬᠡᠮᠵᠢᠶᠡᠨ ᠳᠦ ᠥᠪᠡᠷ ᠦᠨ ᠣᠷᠣᠨ ᠤ ᠪᠠᠶᠢᠷᠢ ᠰᠠᠭᠤᠷᠢ ᠶᠢ ᠪᠡᠬᠢᠵᠢᠭᠦᠯᠦᠨ᠂ ᠰᠠᠨᠰᠠᠷ ᠤᠨ ᠠᠭᠤᠳᠠᠮ ᠢ ᠡᠩᠬᠡ ᠶᠢᠨ ᠵᠣᠷᠢᠯᠭ᠎ᠠ ᠪᠠᠷ ᠠᠰᠢᠭᠯᠠᠬᠤ ᠣᠯᠠᠨ ᠤᠯᠤᠰ ᠤᠨ ᠬᠠᠮᠲᠤ ᠶᠢᠨ ᠠᠵᠢᠯᠯᠠᠭᠠᠨ ᠳᠤ ᠢᠳᠡᠪᠬᠢᠲᠡᠢ ᠣᠷᠣᠯᠴᠠᠨ᠎ᠠ ᠭᠡᠵᠦ ᠵᠢᠭᠠᠭᠰᠠᠨ ᠪᠠᠶᠢᠭ᠎ᠠ᠃ ᠪᠦᠷ ᠨᠠᠷᠢᠨ ᠴᠢᠭᠯᠡᠯ ᠭᠡᠪᠡᠯ ᠰᠠᠨᠰᠠᠷ ᠤᠨ ᠨᠢᠰᠦᠭᠴᠢ ᠶᠢᠨ ᠬᠥᠲᠥᠯᠪᠦᠷᠢ ᠶᠢ ᠬᠡᠷᠡᠭᠵᠢᠭᠦᠯᠬᠦ᠂ ᠰᠠᠷ᠎ᠠ᠂ ᠮᠠᠷᠰ ᠪᠣᠯᠤᠨ ᠰᠠᠨᠰᠠᠷ ᠤᠨ ᠪᠡᠶᠡᠲᠦ ᠶᠢᠨ ᠰᠤᠳᠤᠯᠭ᠎ᠠ ᠶᠢ ᠬᠥᠭᠵᠢᠭᠦᠯᠬᠦ ᠣᠯᠠᠨ ᠤᠯᠤᠰ ᠤᠨ ᠬᠥᠲᠥᠯᠪᠦᠷᠢ ᠳᠦ ᠬᠠᠮᠤᠷᠤᠭᠳᠠᠬᠤ᠂ ᠣᠯᠠᠨ ᠤᠯᠤᠰ ᠤᠨ ᠪᠣᠯᠤᠨ ᠪᠤᠰᠤᠳ ᠤᠯᠤᠰ ᠤᠨ ᠰᠠᠨᠰᠠᠷ ᠤᠨ ᠰᠲ᠋ᠠᠨᠼ ᠳᠡᠭᠡᠷ᠎ᠡ ᠬᠢᠭᠳᠡᠵᠦ ᠪᠠᠶᠢᠭ᠎ᠠ ᠰᠤᠳᠤᠯᠭ᠎ᠠ ᠰᠢᠨᠵᠢᠯᠡᠭᠡᠨ ᠦ ᠠᠵᠢᠯ ᠳᠤ ᠤᠷᠤᠯᠴᠠᠬᠤ᠂ ᠣᠯᠠᠨ ᠤᠯᠤᠰ ᠤᠨ ᠰᠠᠨᠰᠠᠷ ᠤᠨ ᠬᠠᠮᠲᠤ ᠶᠢᠨ ᠠᠵᠢᠯᠯᠠᠭᠠᠨ ᠤ ᠪᠠᠶᠢᠭᠤᠯᠤᠯᠭ᠎ᠠ ᠨᠤᠭᠤᠳ ᠲᠤ ᠭᠡᠰᠢᠭᠦᠨ ᠢᠶᠡᠷ ᠡᠯᠰᠡᠬᠦ ᠵᠡᠷᠭᠡ ᠠᠵᠢᠯ ᠤᠳ ᠢ ᠨᠠᠷᠢᠨ ᠵᠢᠭᠠᠵᠤ ᠥᠭᠭᠦᠭᠰᠡᠨ᠃

ᠶᠠᠷᠢᠯᠴᠠᠵᠤ᠂ ᠮᠡᠳᠡᠭᠡᠯᠡᠯ ᠥᠭᠭᠦᠭᠰᠡᠨ ᠲᠠᠨ ᠳᠤ ᠪᠠᠶᠠᠷᠯᠠᠯ᠎ᠠ᠃

ᠨᠡᠶᠢᠲᠡᠯᠡᠭᠰᠡᠨ᠄