ᠮᠡᠳᠡᠭᠡᠯᠡᠯ᠂ ᠲᠧᠭᠨᠣᠯᠣᠭᠢ ᠶᠢᠨ ᠰᠠᠯᠪᠤᠷᠢ ᠳᠤ ᠥᠬᠢᠳ ᠮᠠᠩᠯᠠᠶᠢᠯᠠᠨ᠎ᠠ


ᠨᠢᠭᠡᠳᠦᠭᠰᠡᠨ ᠦᠨᠳᠦᠰᠦᠲᠡᠨ ᠦ ᠪᠠᠶᠢᠭᠤᠯᠤᠯᠭ᠎ᠠ ᠒᠐᠑᠒ ᠣᠨ ᠠᠴᠠ ᠡᠬᠢᠯᠡᠨ ᠵᠢᠯ ᠪᠦᠷᠢ ᠶᠢᠨ ᠑᠐ ᠳ᠋ᠤᠭᠠᠷ ᠰᠠᠷ᠎ᠠ ᠶᠢᠨ ᠑᠑ ᠍ ᠦ ᠡᠳᠦᠷ ᠢ 《ᠣᠬᠢᠳ ᠤᠨ ᠡᠷᠬᠡ ᠶᠢ ᠬᠠᠮᠠᠭᠠᠯᠠᠬᠤ ᠣᠯᠠᠨ ᠤᠯᠤᠰ ᠤᠨ ᠡᠳᠦᠷ》 ᠪᠣᠯᠭᠠᠨ ᠵᠠᠷᠯᠠᠵᠤ᠂ ᠡᠨᠡ ᠡᠳᠦᠷ ᠣᠬᠢᠳ ᠤᠨ ᠪᠣᠯᠪᠠᠰᠤᠷᠠᠯ ᠢ ᠳᠡᠮᠵᠢᠬᠦ᠂ ᠲᠤᠯᠭᠠᠮᠳᠠᠵᠤ ᠪᠤᠢ ᠠᠰᠠᠭᠤᠳᠠᠯ ᠤᠳ ᠢ ᠰᠢᠢᠳᠪᠦᠷᠢᠯᠡᠬᠦ᠂ ᠲᠡᠳᠡᠨ ᠦ ᠡᠷᠬᠡ ᠶᠢ ᠬᠠᠮᠠᠭᠠᠯᠠᠬᠤ ᠳᠤ ᠠᠩᠬᠠᠷᠤᠯ ᠬᠠᠨᠳᠤᠭᠤᠯᠬᠤ᠂ ᠣᠬᠢᠳ ᠤᠨ ᠡᠷᠬᠡ ᠶᠢᠨ ᠲᠠᠯᠠᠭᠠᠷᠬᠢ ᠣᠯᠠᠨ ᠨᠡᠶᠢᠲᠡ ᠶᠢᠨ ᠣᠶᠢᠯᠠᠭᠠᠯᠲᠠ ᠶᠢ ᠨᠡᠮᠡᠭᠳᠡᠭᠦᠯᠬᠦ ᠶᠢ ᠵᠣᠷᠢᠳᠠᠭ᠃

ᠣᠯᠠᠨ ᠤᠯᠤᠰ ᠤᠨ ᠣᠬᠢᠳ ᠤᠨ ᠡᠷᠬᠡ ᠶᠢᠨ ᠡᠳᠦᠷ ᠦᠨ ᠬᠦᠷᠢᠶᠡᠨ ᠳᠦ ᠴᠠᠬᠢᠮ ᠬᠥᠭᠵᠢᠯ᠂ ᠬᠠᠷᠢᠯᠴᠠᠭ᠎ᠠ ᠬᠣᠯᠪᠣᠭᠠᠨ ᠤ ᠶᠠᠮᠤ᠂ ᠬᠥᠳᠡᠯᠮᠦᠷᠢ ᠨᠡᠶᠢᠭᠡᠮ ᠤᠨ ᠬᠠᠮᠠᠭᠠᠯᠠᠯ ᠤᠨ ᠶᠠᠮᠤ᠂ ᠨᠢᠭᠡᠳᠦᠭᠰᠡᠨ ᠦᠨᠳᠦᠰᠦᠨ ᠦ ᠪᠠᠶᠢᠭᠤᠯᠤᠯᠭ᠎ᠠ ᠤᠨ ᠬᠡᠦᠬᠡᠳ ᠦᠨ ᠰᠠᠨ᠂ ᠬᠠᠷᠢᠯᠴᠠᠭ᠎ᠠ ᠬᠣᠯᠪᠣᠭᠠᠨ ᠤ ᠵᠣᠬᠢᠴᠠᠭᠤᠯᠬᠤ ᠬᠣᠷᠢᠶ᠎ᠠ᠂ ᠭᠡᠷ ᠪᠦᠯᠢ᠂ ᠬᠡᠦᠬᠡᠳ᠂ ᠵᠠᠯᠠᠭᠤᠴᠤᠳ ᠤᠨ ᠬᠥᠭᠵᠢᠯ ᠦᠨ ᠭᠠᠵᠠᠷ ᠤᠳ ᠬᠠᠮᠲᠤᠷᠠᠨ 《ᠮᠡᠳᠡᠭᠡᠯᠡᠯ᠂ ᠲᠧᠭᠨᠣᠯᠣᠭᠢ ᠶᠢᠨ ᠰᠠᠯᠪᠤᠷᠢ ᠳᠠᠬᠢ ᠣᠬᠢᠳ ᠤᠨ ᠮᠠᠩᠯᠠᠶᠢᠯᠠᠯ》 ᠰᠡᠳᠦᠪᠲᠦ ᠨᠡᠭᠡᠭᠡᠯᠲᠡ ᠲᠡᠢ ᠬᠡᠯᠡᠯᠴᠡᠭᠦᠯᠭᠡ ᠶᠢ ᠵᠣᠬᠢᠶᠠᠨ ᠪᠠᠶᠢᠭᠤᠯᠤᠯ᠎ᠠ᠃

ᠣᠬᠢᠳ ᠤᠨ ᠮᠠᠩᠯᠠᠶᠢᠯᠠᠯ ᠢ ᠳᠡᠮᠵᠢᠬᠦ᠂ ᠵᠥᠪ ᠦᠯᠢᠭᠡᠷ ᠳᠠᠭᠤᠷᠢᠶᠠᠯ ᠦᠵᠡᠭᠦᠯᠬᠦ᠂ ᠴᠠᠬᠢᠮ ᠰᠢᠯᠵᠢᠯᠲᠡ᠂ ᠬᠠᠷᠢᠯᠴᠠᠭ᠎ᠠ ᠬᠣᠯᠪᠣᠭ᠎ᠠ᠂ ᠮᠡᠳᠡᠭᠡᠯᠡᠯ ᠲᠧᠭᠨᠣᠯᠣᠭᠢ ᠶᠢᠨ ᠬᠡᠷᠡᠭᠯᠡᠭᠡᠨ ᠦ ᠰᠤᠶᠤᠯ ᠢ ᠰᠤᠷᠲᠠᠯᠴᠢᠯᠠᠬᠤ᠂ ᠲᠦᠭᠡᠭᠡᠨ ᠳᠡᠯᠭᠡᠷᠡᠭᠦᠯᠬᠦ ᠵᠣᠷᠢᠯᠭ᠎ᠠ ᠪᠦᠬᠦᠢ ᠤᠭ ᠨᠡᠭᠡᠭᠡᠯᠲᠡ ᠲᠡᠢ ᠬᠡᠯᠡᠯᠴᠡᠭᠦᠯᠭᠡ᠄ 《ᠮᠡᠳᠡᠭᠡᠯᠡᠯ ᠦᠨ ᠲᠧᠭᠨᠣᠯᠣᠭᠢ ᠶᠢᠨ ᠰᠠᠯᠪᠤᠷᠢ ᠶᠢᠨ ᠥᠨᠥ ᠶᠢᠨ ᠨᠥᠬᠥᠴᠡᠯ ᠪᠠᠶᠢᠳᠠᠯ; ᠥᠬᠢᠳ᠂ ᠡᠮᠡᠭᠲᠡᠶᠢᠴᠦᠳ ᠦᠨ ᠪᠣᠯᠤᠮᠵᠢ》᠂ 《ᠴᠠᠬᠢᠮ ᠫᠯᠠᠲ᠋ᠹᠣᠷᠮ ᠳᠤ ᠡᠶᠡᠷᠭᠦ ᠨᠥᠯᠥᠭᠡᠯᠡᠯ ᠦᠵᠡᠭᠦᠯᠬᠦ ᠨᠢ》 ᠰᠡᠳᠦᠪ ᠦᠨ ᠬᠦᠷᠢᠶᠡᠨ ᠳᠦ ᠴᠠᠬᠢᠮ ᠪᠣᠯᠤᠨ ᠲᠠᠩᠬᠢᠮ ᠬᠣᠣᠰᠯᠠᠭᠰᠠᠨ ᠬᠡᠯᠪᠡᠷᠢ ᠪᠡᠷ ᠵᠣᠬᠢᠶᠠᠨ ᠪᠠᠶᠢᠭᠤᠯᠤᠭᠳᠠᠭᠰᠠᠨ ᠶᠤᠮ᠃

ᠬᠡᠯᠡᠯᠴᠡᠭᠦᠯᠭᠡ ᠳᠦ ᠮᠡᠳᠡᠭᠡᠯᠡᠯ ᠲᠧᠭᠨᠣᠯᠣᠭᠢ ᠶᠢᠨ ᠰᠠᠯᠪᠤᠷᠢ ᠳᠤ ᠠᠮᠵᠢᠯᠲᠠ ᠲᠠᠢ ᠠᠵᠢᠯᠯᠠᠵᠤ᠂ ᠴᠠᠬᠢᠮ ᠰᠤᠪᠠᠭ ᠤᠳ ᠲᠤ ᠡᠶᠡᠷᠭᠦ ᠨᠥᠯᠥᠭᠡᠯᠡᠯ ᠦᠵᠡᠭᠦᠯᠵᠦ ᠪᠤᠢ ᠮᠠᠩᠯᠠᠶᠢᠯᠠᠭᠴᠢ ᠡᠮᠡᠭᠲᠡᠶᠢᠴᠦᠳ ᠣᠷᠣᠯᠴᠠᠨ ᠵᠥᠪᠯᠡᠭᠡ᠂ ᠮᠡᠳᠡᠭᠡᠯᠡᠯ ᠥᠭᠴᠦ᠂ ᠮᠡᠳᠡᠯᠭᠡ ᠲᠤᠷᠰᠢᠯᠭ᠎ᠠ ᠪᠠᠨ ᠬᠤᠪᠢᠶᠠᠯᠴᠠᠨ᠂ ᠰᠠᠨᠠᠯ ᠰᠣᠯᠢᠯᠴᠠᠯ᠎ᠠ᠃

ᠨᠡᠶᠢᠲᠡᠯᠡᠭᠰᠡᠨ᠄