ᠴᠠ᠊ ᠬᠥ᠊ ᠬᠠ᠊ ᠬᠣ᠊ ᠶᠠ᠊᠂ ᠧᠦ᠋ᠷᠣᠫᠠ ᠶᠢᠨ ᠠᠶᠤᠯ ᠦᠭᠡᠢ ᠪᠠᠶᠢᠳᠠᠯ ᠬᠠᠮᠲᠤ ᠶᠢᠨ ᠠᠵᠢᠯᠯᠠᠭᠠᠨ ᠤ ᠪᠠᠶᠢᠭᠤᠯᠤᠯᠭ᠎ᠠ ᠲᠠᠢ ᠬᠡᠪᠯᠡᠯ ᠦᠨ ᠡᠷᠬᠡ ᠴᠢᠯᠦᠭᠡ ᠶᠢ ᠬᠠᠩᠭᠠᠬᠤ ᠴᠢᠭᠯᠡᠯ ᠢᠶᠡᠷ ᠬᠠᠮᠲᠤᠷᠠᠨ᠎ᠠ


 ᠼᠠ ᠬᠥ ᠬᠠ ᠬᠣ ᠤ ᠰᠠᠶᠢᠳ ᠨ ∙ ᠤᠴᠠᠷᠠᠯ ᠧᠦ᠋ᠷᠣᠫᠠ ᠶᠢᠨ ᠠᠶᠤᠯ ᠦᠭᠡᠢ ᠪᠠᠶᠢᠳᠠᠯ᠂ ᠬᠠᠮᠲᠤ ᠶᠢᠨ ᠠᠵᠢᠯᠯᠠᠭᠠᠨ ᠤ ᠪᠠᠶᠢᠭᠤᠯᠤᠯᠭ᠎ᠠ ᠶᠢᠨ ᠬᠡᠪᠯᠡᠯ ᠦᠨ ᠡᠷᠬᠡ ᠴᠢᠯᠦᠭᠡᠨ ᠦ ᠠᠰᠠᠭᠤᠳᠠᠯ ᠡᠷᠬᠢᠯᠡᠭᠰᠡᠨ ᠲᠥᠯᠥᠭᠡᠯᠡᠭᠴᠢ ᠲᠧᠷᠧᠽᠠ ᠷᠢᠪᠧᠢᠷᠣᠭ ᠥᠨᠥᠳᠥᠷ (᠒᠐᠒᠒.᠑᠐.᠑᠑) ᠬᠦᠯᠢᠶᠡᠨ ᠠᠪᠴᠤ ᠠᠭᠤᠯᠵᠠᠵᠤ᠂ ᠰᠠᠨᠠᠯ ᠰᠣᠯᠢᠯᠴᠠᠯ᠎ᠠ᠃

ᠠᠭᠤᠯᠵᠠᠯᠲᠠ ᠶᠢᠨ ᠡᠬᠢᠨ ᠳᠦ ᠼᠠ ᠬᠥ ᠬᠠ ᠬᠣ- ᠤ ᠰᠠᠶᠢᠳ ᠨ ∙ ᠤᠴᠠᠷᠠᠯ ᠴᠠᠬᠢᠮ ᠬᠥᠭᠵᠢᠯ᠂ ᠬᠠᠷᠢᠯᠴᠠᠭ᠎ᠠ ᠬᠣᠯᠪᠣᠭᠠᠨ ᠤ ᠶᠠᠮᠤᠨ ᠤ ᠭᠣᠣᠯ ᠵᠣᠷᠢᠯᠭ᠎ᠠ᠂ ᠪᠠᠷᠢᠮᠲᠠᠯᠠᠵᠤ ᠪᠤᠢ ᠪᠣᠳᠣᠯᠭ᠎ᠠ᠂ ᠬᠦᠮᠦᠨ ᠦ ᠬᠤᠪ ᠤᠨ ᠮᠡᠳᠡᠭᠡᠯᠡᠯ ᠬᠠᠮᠠᠭᠠᠯᠠᠬᠤ ᠲᠤᠬᠠᠢ ᠬᠠᠤᠯᠢ ᠶᠢᠨ ᠬᠦᠷᠢᠶᠡᠨ ᠳᠦ ᠠᠪᠴᠤ ᠬᠡᠷᠡᠭᠵᠢᠭᠦᠯᠵᠦ ᠪᠠᠶᠢᠭ᠎ᠠ ᠠᠵᠢᠯ ᠤᠳ ᠤᠨ ᠲᠠᠯ᠎ᠠ ᠪᠠᠷ ᠲᠠᠨᠢᠯᠴᠠᠭᠤᠯᠤᠭᠰᠠᠨ᠃ ᠮᠥᠨ ᠵᠠᠰᠠᠭ ᠤᠨ ᠭᠠᠵᠠᠷ ᠶᠡᠬᠡ ᠥᠭᠭᠥᠭᠳᠡᠯ ᠢ ᠨᠡᠭᠡᠭᠡᠯᠲᠡ ᠲᠡᠢ ᠪᠣᠯᠬᠤ ᠲᠠᠯ᠎ᠠ ᠪᠠᠷ ᠲᠣᠮᠣᠬᠠᠨ ᠠᠷᠭ᠎ᠠ ᠬᠡᠮᠵᠢᠶ᠎ᠡ ᠨᠦᠭᠦᠳ ᠠᠪᠴᠤ ᠪᠠᠶᠢᠭ᠎ᠠ᠃ ᠶᠡᠬᠡ ᠥᠭᠭᠥᠭᠳᠡᠯ ᠢ ᠣᠯᠠᠨ ᠨᠡᠶᠢᠲᠡ ᠳᠦ ᠨᠡᠭᠡᠭᠡᠯᠲᠡᠲᠡᠢ ᠪᠣᠯᠭᠠᠭᠰᠠᠨ ᠢᠶᠠᠷ ᠲᠥᠷᠥ ᠶᠢᠨ ᠲᠡᠳᠦᠢ ᠦᠭᠡᠢ ᠬᠤᠪ ᠤᠨ ᠬᠡᠪᠰᠢᠯ᠂ ᠢᠷᠭᠡᠨ ᠦ ᠨᠡᠶᠢᠭᠡᠮ ᠤᠨ ᠬᠢᠨᠠᠯᠲᠠ ᠪᠡᠬᠢᠵᠢᠵᠦ᠂ ᠪᠦᠲᠦᠭᠡᠭᠳᠡᠬᠦᠨ ᠦᠢᠯᠡᠴᠢᠯᠡᠭᠡ ᠪᠡᠨ ᠬᠥᠭᠵᠢᠭᠦᠯᠬᠦ ᠳᠦ ᠬᠡᠷᠡᠭᠴᠡᠭᠡ ᠲᠡᠢ ᠖᠗ ᠲᠥᠷᠥᠯ ᠦᠨ ᠨᠡᠭᠡᠭᠡᠯᠲᠡᠲᠡᠢ ᠮᠡᠳᠡᠭᠡᠯᠡᠯ᠂ ᠖᠐᠐ ᠭᠠᠷᠤᠢ ᠲᠥᠷᠥᠯ ᠦᠨ ᠨᠡᠭᠡᠭᠡᠯᠲᠡ ᠲᠡᠢ ᠥᠭᠭᠥᠭᠳᠡᠯ ᠢ ᠣᠯᠠᠨ ᠨᠡᠶᠢᠲᠡ ᠳᠦ ᠨᠡᠭᠡᠭᠡᠯᠲᠡᠲᠡᠢ ᠪᠣᠯᠭᠠᠬᠤ ᠪᠠᠷ ᠠᠵᠢᠯᠯᠠᠵᠤ ᠪᠠᠶᠢᠨ᠎ᠠ᠃ ᠨᠡᠭᠡᠭᠡᠯᠲᠡᠲᠡᠢ ᠥᠭᠭᠥᠭᠳᠡᠯ ᠦᠨ ᠠᠰᠢᠭᠯᠠᠯᠲᠠ ᠨᠢ ᠠᠯᠢᠪᠠ ᠤᠯᠤᠰ ᠣᠷᠣᠨ ᠤ ᠨᠡᠶᠢᠭᠡᠮ᠂ ᠡᠳ᠋ ᠍ ᠦᠨ ᠵᠠᠰᠠᠭ ᠲᠤ ᠰᠢᠭᠤᠳ ᠪᠣᠯᠤᠨ ᠰᠢᠭᠤᠳ ᠪᠤᠰᠤ ᠪᠠᠷ ᠨᠥᠯᠦᠭᠡᠯᠡᠵᠦ᠂ ᠬᠥᠭᠵᠢᠯ ᠦᠨ ᠴᠢᠬᠤᠯᠠ ᠬᠥᠰᠢᠭᠦᠷᠭᠡ ᠪᠣᠯᠳᠠᠭ᠃ ᠮᠣᠩᠭᠣᠯ ᠤᠯᠤᠰ ᠨᠡᠭᠡᠭᠡᠯᠲᠡ ᠲᠡᠢ ᠥᠭᠭᠥᠭᠳᠡᠯ ᠢ ᠪᠤᠢ ᠪᠣᠯᠭᠠᠭᠰᠠᠨ ᠢᠶᠠᠷ ᠬᠡᠪᠯᠡᠯ ᠮᠡᠳᠡᠭᠡᠯᠡᠯ ᠦᠨ ᠰᠠᠯᠪᠤᠷᠢ ᠶᠢᠨ ᠬᠢᠨ ᠬᠦᠰᠡᠭᠰᠡᠨ ᠮᠡᠳᠡᠭᠡᠯᠡᠯ ᠢᠶᠡᠨ ᠠᠪᠬᠤ ᠳᠤ ᠴᠢᠷᠦᠭᠳᠡᠯ ᠭᠦᠢ ᠪᠣᠯᠤᠨ᠎ᠠ᠃ ᠢᠩᠭᠢᠭᠰᠡᠨ ᠢᠶᠡᠷ ᠣᠯᠠᠨ ᠡᠶᠡᠷᠡᠭ ᠦᠷ᠎ᠡ ᠳᠦᠩᠭᠡ ᠨᠦᠭᠦᠳ ᠭᠠᠷᠤᠨ᠎ᠠ ᠭᠡᠳᠡᠭ ᠢ ᠣᠨᠴᠠᠯᠠᠯ᠎ᠠ᠃ ᠮᠥᠨ ᠰᠠᠯᠪᠤᠷᠢ ᠶᠢᠨ ᠵᠠᠯᠠᠭᠤᠰ ᠢ ᠨᠠᠷᠢᠨ ᠮᠡᠷᠭᠡᠵᠢᠯ ᠢᠶᠡᠷ ᠪᠡᠯᠡᠳᠬᠡᠵᠦ ᠬᠦᠮᠦᠨ ᠦ ᠨᠥᠭᠡᠴᠡ ᠶᠢᠨ ᠴᠢᠳᠠᠪᠬᠢᠵᠢᠭᠤᠯᠬᠤ ᠳᠤ ᠪᠢᠳᠡ ᠶᠡᠬᠡᠬᠡᠨ ᠠᠩᠬᠠᠷᠴᠤ ᠪᠠᠶᠢᠨ᠎ᠠ᠃ ᠬᠦᠮᠦᠨ ᠦ ᠬᠤᠪ ᠤᠨ ᠮᠡᠳᠡᠭᠡᠯᠡᠯ ᠢ ᠬᠠᠳᠠᠭᠠᠯᠠᠬᠤ᠂ ᠬᠠᠮᠠᠭᠠᠯᠠᠬᠤ᠂ ᠠᠵᠢᠯ ᠤᠳ ᠤᠨ ᠬᠦᠷᠢᠶᠡᠨ ᠳᠦ ᠰᠠᠯᠪᠤᠷᠢ ᠶᠢᠨ ᠬᠦᠮᠦᠨ ᠦ ᠨᠥᠭᠡᠴᠡ ᠶᠢ ᠴᠢᠳᠠᠪᠬᠢᠵᠢᠭᠤᠯᠬᠤ᠂ ᠲᠤᠬᠠᠶᠢᠯᠠᠪᠠᠯ ᠳᠠᠲ᠋ᠠ ᠠᠨᠠᠯᠢᠰᠲ᠂ ᠥᠭᠭᠥᠭᠳᠡᠯ ᠦᠨ ᠰᠢᠨᠵᠢᠯᠡᠬᠦ ᠤᠬᠠᠭᠠᠨ ᠤ ᠴᠢᠭᠯᠡᠯ ᠢᠶᠡᠷ ᠬᠦᠮᠦᠨ ᠦ ᠨᠥᠭᠡᠴᠡ ᠪᠡᠯᠡᠳᠬᠡᠬᠦ ᠳᠦ ᠬᠠᠮᠲᠤᠷᠠᠨ ᠠᠵᠢᠯᠯᠠᠬᠤ ᠰᠠᠨᠠᠯ ᠲᠠᠢ ᠪᠠᠶᠢᠨ᠎ᠠ᠃

ᠬᠠ ᠬᠣ ᠽᠣ ᠬᠣ- ᠍ ᠤ ᠵᠣᠬᠢᠴᠠᠭᠤᠯᠬᠤ ᠬᠣᠷᠢᠶ᠎ᠠ ᠬᠠᠷᠠᠭᠠᠲᠤ ᠪᠤᠰᠤ ᠪᠠᠷ ᠠᠵᠢᠯᠯᠠᠳᠠᠭ᠃ ᠬᠣᠷᠢᠶᠠᠨ ᠤ ᠭᠡᠰᠢᠭᠦᠳ ᠢ ЦХХХЯ ᠍ ᠠᠴᠠ ᠲᠣᠮᠢᠯᠠᠳᠠᠭ ᠦᠭᠡᠢ᠃ ЦХХХЯ ᠨᠢ ХХЗХ ᠍ ᠤ ᠦᠢᠯᠡ ᠠᠵᠢᠯᠯᠠᠭ᠎ᠠ ᠲᠡᠷᠡ ᠲᠤᠰᠤᠮ ᠢᠶᠠᠨ ᠲᠤᠰᠬᠠᠢ ᠵᠥᠪᠰᠢᠶᠡᠷᠡᠯ ᠣᠯᠭᠣᠬᠤ ᠫᠷᠣᠼᠧᠰᠰ ᠲᠤ ᠣᠷᠣᠯᠴᠠᠳᠠᠭ ᠦᠭᠡᠢ ᠭᠡᠳᠡᠭ ᠢ ᠰᠠᠶᠢᠳ ᠣᠨᠴᠠᠯᠠᠭᠰᠠᠨ᠃

ᠧᠦ᠋ᠷᠣᠫᠠ ᠶᠢᠨ ᠠᠶᠤᠯ ᠦᠭᠡᠢ ᠪᠠᠶᠢᠳᠠᠯ᠂ ᠬᠠᠮᠲᠤ ᠶᠢᠨ ᠠᠵᠢᠯᠯᠠᠭᠠᠨ ᠤ ᠵᠥᠪᠯᠡᠯᠭᠡᠨ ᠤᠨ ᠬᠡᠪᠯᠡᠯ ᠦᠨ ᠡᠷᠬᠡ ᠴᠢᠯᠦᠭᠡᠨ ᠦ ᠠᠰᠠᠭᠤᠳᠠᠯ ᠡᠷᠬᠢᠯᠡᠭᠰᠡᠨ ᠲᠥᠯᠦᠭᠡᠯᠡᠭᠴᠢ ᠲᠧᠷᠧᠽᠠ ᠷᠢᠪᠧᠢᠷᠣ ᠬᠡᠯᠡᠬᠦ ᠳᠦ ᠪᠡᠨ ᠬᠡᠪᠯᠡᠯ ᠦᠨ ᠡᠷᠬᠡ ᠴᠢᠯᠦᠭᠡᠨ ᠳᠦ ᠲᠥᠷᠦ ᠣᠷᠣᠯᠴᠠᠳᠠᠭ ᠦᠭᠡᠢ ᠶᠢ ᠰᠠᠶᠢᠰᠢᠶᠠᠨ ᠬᠦᠯᠢᠶᠡᠨ ᠠᠪᠴᠤ᠂ ᠲᠤᠰ ᠪᠠᠶᠢᠭᠤᠯᠤᠯᠭ᠎ᠠ ᠠᠴᠠ ᠬᠡᠪᠯᠡᠯ ᠦᠨ ᠡᠷᠬᠡ ᠴᠢᠯᠦᠭᠡ ᠶᠢ ᠳᠡᠮᠵᠢᠬᠦ ᠴᠢᠭᠯᠡᠯ ᠢᠶᠡᠷ ᠪᠠᠷᠢᠮᠲᠠᠯᠠᠵᠤ ᠪᠤᠢ ᠪᠣᠳᠣᠯᠭ᠎ᠠ᠂ ᠬᠠᠮᠲᠤ ᠶᠢᠨ ᠠᠵᠢᠯᠯᠠᠭᠠᠨ ᠤ ᠴᠢᠭᠯᠡᠯ ᠦᠨ ᠲᠠᠯ᠎ᠠ ᠪᠠᠷ ᠲᠠᠨᠢᠯᠴᠠᠭᠤᠯᠵᠤ᠂ ᠬᠡᠪᠯᠡᠯ ᠦᠨ ᠡᠷᠬᠡ ᠴᠢᠯᠦᠭᠡ ᠶᠢ ᠰᠠᠶᠢᠵᠢᠷᠠᠭᠤᠯᠬᠤ ᠳᠤ ᠬᠠᠮᠲᠤᠷᠠᠨ ᠠᠵᠢᠯᠯᠠᠵᠤ᠂ ᠲᠣᠳᠣᠷᠬᠠᠢ ᠦᠢᠯᠡ ᠠᠵᠢᠯᠯᠠᠭᠠᠨ ᠤ ᠬᠦᠷᠢᠶᠡᠨ ᠳᠦ ᠳᠡᠮᠵᠢᠯᠭᠡ ᠦᠵᠡᠭᠦᠯᠬᠦ ᠪᠡᠨ ᠢᠯᠡᠷᠬᠡᠶᠢᠯᠡᠯ᠎ᠡ᠃

ᠨᠡᠶᠢᠲᠡᠯᠡᠭᠰᠡᠨ᠄