ᠳᠠᠷᠬᠠᠨ-ᠠᠭᠤᠯᠠ ᠠᠶᠢᠮᠠᠭ ᠤᠨ ᠬᠣᠩᠭᠣᠷ ᠰᠤᠮᠤᠨ ᠳᠤ ᠮᠣᠪᠢᠺᠣᠮ ᠺᠣᠷᠫᠣᠷᠠᠼᠢ ᠶᠢᠨ ᠔ᠵᠢ ᠦᠢᠯᠡᠴᠢᠯᠡᠭᠡ᠂ ᠮᠣᠪᠢᠨᠧᠲ ᠾᠾᠻ ᠦ ᠸᠦᠦ ᠦᠢᠯᠡᠴᠢᠯᠡᠭᠡ ᠨᠡᠪᠲᠡᠷᠡᠯ᠎ᠡ


᠍ 

ᠴᠠ᠊ ᠬᠥ᠊ ᠬᠠ᠊ ᠬᠣ᠊-ᠤ ᠰᠠᠶᠢᠳ ᠨ ∙ ᠤᠴᠠᠷᠠᠯ᠄ ᠮᠣᠩᠭᠣᠯ ᠤᠯᠤᠰ ᠤᠨ ᠵᠠᠰᠠᠭ ᠤᠨ ᠭᠠᠵᠠᠷ ᠠᠴᠠ ᠮᠡᠳᠡᠭᠡᠯᠡᠯ᠂ ᠬᠠᠷᠢᠯᠴᠠᠭ᠎ᠠ ᠬᠣᠯᠪᠣᠭᠠᠨ ᠤ ᠰᠠᠯᠪᠤᠷᠢ ᠶᠢ ᠪᠣᠳᠣᠯᠭ᠎ᠠ ᠶᠢᠨ ᠲᠦᠪᠰᠢᠨ ᠳᠦ ᠳᠡᠮᠵᠢᠨ 《ᠴᠠᠬᠢᠮ ᠦᠨᠳᠦᠰᠦᠲᠡᠨ》 ᠪᠣᠯᠭᠠᠬᠤ ᠪᠣᠭᠣᠨᠢ ᠬᠤᠭᠤᠴᠠᠭᠠᠨ ᠤ ᠵᠣᠷᠢᠯᠲᠠ ᠳᠡᠪᠰᠢᠭᠦᠯᠦᠨ ᠢᠷᠭᠡᠨ ᠪᠣᠯᠤᠨ ᠪᠢᠽᠢᠨ᠋ᠧᠰ ᠦᠨ ᠰᠠᠯᠪᠤᠷᠢ ᠶᠢ ᠪᠦᠬᠦᠢ ᠯᠠ ᠲᠠᠯ᠎ᠠ ᠪᠠᠷ ᠳᠡᠮᠵᠢᠭᠰᠡᠨ᠂ ᠬᠦᠨᠳᠦ ᠰᠤᠷᠲᠠᠯ ᠦᠭᠡᠢ᠂ ᠨᠡᠭᠡᠭᠡᠯᠲᠡ ᠲᠡᠢ᠂ ᠬᠠᠷᠢᠭᠤᠴᠠᠯᠭ᠎ᠠ ᠲᠠᠢ᠂ ᠬᠢᠨᠠᠯᠲᠠ ᠲᠠᠢ ᠲᠥᠷᠥ ᠶᠢ ᠲᠥᠯᠦᠪᠰᠢᠭᠦᠯᠬᠦ᠂ ᠬᠦᠴᠦᠷᠬᠡᠭ ᠡᠳ᠋ ᠍ ᠦᠨ ᠵᠠᠰᠠᠭ᠂ ᠪᠦᠲᠦᠭᠡᠯᠴᠢ ᠬᠤᠪ ᠤᠨ ᠬᠡᠪᠰᠢᠯ᠂ ᠣᠶᠤᠨᠯᠠᠭ ᠢᠷᠭᠡᠳ ᠢ ᠪᠦᠲᠦᠭᠡᠬᠦ ᠪᠡᠷ ᠠᠵᠢᠯᠯᠠᠵᠤ ᠪᠠᠶᠢᠨ᠎ᠠ᠃ ᠡᠨᠡ ᠵᠣᠷᠢᠯᠲᠠᠳ ᠬᠦᠷᠬᠦ ᠳᠦ ᠲᠥᠷᠦ ᠬᠤᠪ ᠤᠨ ᠬᠡᠪᠰᠢᠯ ᠦᠨ ᠲᠦᠩᠰᠢᠯᠡᠯ ᠴᠢᠬᠤᠯᠠ ᠠᠴᠢ ᠬᠣᠯᠪᠣᠭᠳᠠᠯ ᠲᠠᠢ᠃

ᠲᠥᠷᠥ ᠶᠢᠨ ᠪᠣᠯᠤᠨ ᠬᠤᠪ ᠤᠨ ᠬᠡᠪᠰᠢᠯ ᠦᠨ ᠺᠣᠮᠫᠠᠨᠢ ᠨᠤᠭᠤᠳ ᠳᠠᠮᠵᠢᠭᠤᠯᠬᠤ ᠪᠠᠶᠢᠭᠤᠯᠤᠮᠵᠢ᠂ ᠬᠠᠷᠢᠯᠴᠠᠭ᠎ᠠ ᠬᠣᠯᠪᠣᠭᠠᠨ ᠤ ᠬᠠᠲᠠᠭᠤ ᠳᠡᠳ᠋ ᠪᠦᠲᠦᠴᠡ ᠶᠢᠨ ᠬᠠᠮᠤᠷᠬᠤ ᠬᠦᠷ᠎ᠡ ᠶᠢ ᠦᠶ᠎ᠡ ᠱᠠᠲᠤ ᠲᠠᠢ ᠪᠠᠷ ᠥᠷᠭᠡᠵᠢᠭᠦᠯᠦᠭᠰᠡᠭᠡᠷ ᠪᠠᠶᠢᠨ᠎ᠠ᠃ ᠥᠨᠥᠳᠥᠷ ᠦᠨ ᠪᠠᠶᠢᠳᠠᠯ ᠢᠶᠠᠷ ᠮᠣᠩᠭᠣᠯ ᠤᠯᠤᠰ ᠤᠨ ᠒᠑ ᠠᠶᠢᠮᠠᠭ᠂ ᠓᠓᠐ ᠣᠷᠴᠢᠮ ᠰᠤᠮᠤᠨ ᠳᠤ ᠥᠨᠳᠥᠷ ᠬᠤᠷᠳᠤᠨ ᠤ ᠥᠷᠭᠡᠨ ᠵᠤᠷᠪᠤᠰ ᠤᠨ ᠰᠠᠭᠤᠷᠢ ᠰᠦᠯᠵᠢᠶ᠎ᠡ᠂ ᠲᠡᠭᠦᠨ ᠢ ᠲᠦᠰᠢᠭᠯᠡᠨ ᠥᠨᠳᠥᠷ ᠬᠤᠷᠳᠤᠨ ᠤ ᠢᠨᠲ᠋ᠧᠷᠨᠡᠲ ᠦᠨ ᠦᠢᠯᠡᠴᠢᠯᠡᠭᠡ᠂ ᠡᠭᠦᠷ ᠦᠨ ᠬᠣᠯᠪᠣᠭᠠᠨ ᠤ ᠓ᠵᠢ/᠔ᠵᠢ ᠰᠦᠯᠵᠢᠶ᠎ᠡ ᠶᠢ ᠨᠡᠪᠲᠡᠷᠡᠭᠦᠯᠦᠭᠡᠳ ᠪᠠᠶᠢᠭ᠎ᠠ ᠪᠥᠭᠡᠳ ᠰᠦᠯᠵᠢᠶᠡᠨ ᠦ ᠬᠠᠮᠤᠷᠬᠤ ᠬᠦᠷᠢᠶ᠎ᠡ ᠴᠢᠨᠠᠭᠰᠢᠳᠠ ᠪᠠᠭ᠎ᠠ ᠶᠢᠨ ᠲᠦᠪᠰᠢᠨ ᠳᠦ ᠬᠦᠷᠴᠦ ᠲᠡᠯᠡᠭᠰᠡᠭᠡᠷ ᠪᠠᠶᠢᠨ᠎ᠠ᠃

ᠮᠣᠪᠢᠺᠣᠮ ᠺᠣᠷᠫᠣᠷᠠᠼ ᠡᠨᠡᠬᠦ ᠪᠦᠲᠦᠭᠡᠨ ᠪᠠᠶᠢᠭᠤᠯᠤᠯᠲᠠ ᠳᠤ ᠮᠠᠩᠯᠠᠶᠢᠯᠠᠨ ᠣᠷᠣᠯᠴᠠᠳᠠᠭ ᠤᠨ ᠨᠢᠭᠡ ᠢᠯᠡᠷᠡᠯ ᠨᠢ ᠥᠨᠥᠳᠥᠷ ᠳᠠᠷᠬᠠᠨ-ᠠᠭᠤᠯᠠ ᠠᠶᠢᠮᠠᠭ ᠤᠨ ᠬᠣᠩᠭᠣᠷ ᠰᠤᠮᠤᠨ ᠳᠤ ᠨᠡᠪᠲᠡᠷᠡᠭᠦᠯᠵᠦ ᠪᠤᠢ ᠥᠨᠳᠥᠷ ᠬᠤᠷᠳᠤᠨ ᠤ ᠥᠷᠭᠡᠨ ᠵᠤᠷᠪᠤᠰ ᠤᠨ ᠔ᠵᠢ ᠰᠦᠯᠵᠢᠶᠡᠨ ᠦ ᠨᠡᠭᠡᠭᠡᠯᠲᠡ ᠶᠢᠨ ᠦᠢᠯᠡ ᠠᠵᠢᠯᠯᠠᠭ᠎ᠠ ᠶᠤᠮ᠃ ᠮᠣᠪᠢᠺᠣᠮ ᠺᠣᠷᠫᠣᠷᠠᠼ ᠤᠨ ᠬᠤᠪᠢ ᠳᠤ ᠳᠠᠷᠬᠠᠨ-ᠠᠭᠤᠯᠠ ᠠᠶᠢᠮᠠᠭ ᠲᠤ ᠨᠡᠶᠢᠲᠡ ᠓᠐᠐᠐ ᠭᠠᠷᠤᠢ ᠥᠷᠬᠥᠳ ᠢᠨᠲ᠋ᠧᠷᠨᠡᠲ ᠦᠨ ᠦᠢᠯᠡᠴᠢᠯᠡᠭᠡ ᠦᠵᠡᠭᠦᠯᠳᠡᠭ ᠡᠴᠡ ᠬᠣᠩᠭᠣᠷ ᠰᠤᠮᠤ ᠶᠢᠨ ᠬᠡᠷᠡᠭᠯᠡᠭᠴᠢᠳ ᠦᠨ ᠬᠤᠪᠢ ᠳᠤ ᠢᠨᠲ᠋ᠧᠷᠨᠡᠲ᠂ ᠲᠧᠯᠧᠸᠢᠰ ᠬᠣᠣᠰᠯᠠᠭᠰᠠᠨ ᠸᠦᠦ ᠬᠣᠮ᠋᠋᠋᠋᠋ᠢ᠋ ᠦᠢᠯᠡᠴᠢᠯᠡᠭᠡ ᠶᠢ ᠬᠠᠮᠤᠭ ᠤᠨ ᠥᠨᠳᠦᠷ ᠬᠤᠪᠢ ᠲᠠᠢ ᠠᠰᠢᠭᠯᠠᠵᠤ ᠪᠠᠶᠢᠨ᠎ᠠ᠃ ᠮᠥᠨ ᠬᠣᠩᠭᠣᠷ ᠰᠤᠮᠤ ᠨᠢ ᠮᠣᠪᠢᠺᠣᠮ ᠺᠣᠷᠫᠣᠷᠠᠼ ᠤᠨ ᠬᠤᠪᠢ ᠳᠤ ᠳᠠᠷᠬᠠᠨ-ᠠᠭᠤᠯᠠ ᠠᠶᠢᠮᠠᠭ ᠲᠤ ᠥᠨᠳᠥᠷ ᠬᠤᠷᠳᠤᠨ ᠤ ᠢᠨᠲ᠋ᠧᠷᠨᠡᠲ ᠦᠨ ᠰᠦᠯᠵᠢᠶ᠎ᠡ᠂ ᠳᠡᠳ᠋ ᠪᠦᠲᠦᠴᠡ ᠪᠠᠶᠢᠭᠤᠯᠤᠭᠰᠠᠨ ᠠᠩᠬᠠᠨ ᠤ ᠰᠤᠮᠤ ᠪᠤᠶᠤ ᠥᠨᠳᠥᠷ ᠲᠡᠢ ᠠᠴᠢ ᠬᠣᠯᠪᠣᠭᠳᠠᠯ ᠰᠤᠮᠤ ᠶᠤᠮ᠃

ᠬᠣᠩᠭᠣᠷ ᠰᠤᠮᠤ ᠶᠢᠨ ᠢᠷᠭᠡᠳ᠂ ᠣᠯᠠᠨ ᠨᠡᠶᠢᠲᠡ ᠥᠨᠥᠳᠥᠷ ᠨᠡᠭᠡᠭᠡᠯᠲᠡ ᠪᠡᠨ ᠬᠢᠵᠦ ᠪᠤᠢ ᠥᠨᠳᠥᠷ ᠬᠤᠷᠳᠤᠨ ᠤ ᠥᠷᠭᠡᠨ ᠵᠤᠷᠪᠤᠰ ᠤᠨ 4G ᠰᠦᠯᠵᠢᠶ᠎ᠡ ᠶᠢ ᠠᠰᠢᠭᠯᠠᠨ ᠲᠥᠷᠥ ᠶᠢᠨ ᠪᠣᠯᠤᠨ ᠪᠤᠰᠤᠳ ᠬᠤᠪ ᠤᠨ ᠬᠡᠪᠰᠢᠯ ᠦᠨ ᠦᠢᠯᠡᠴᠢᠯᠡᠭᠡ ᠶᠢ ᠴᠠᠬᠢᠮ ᠢᠶᠠᠷ ᠠᠪᠬᠤ᠂ ᠮᠡᠳᠡᠭᠡ ᠮᠡᠳᠡᠭᠡᠯᠡᠯ ᠢ ᠣᠯᠠᠨ ᠡᠬᠡ ᠰᠤᠷᠪᠤᠯᠵᠢ ᠠᠴᠠ ᠬᠦᠯᠢᠶᠡᠨ ᠠᠪᠬᠤ᠂ ᠥᠪᠡᠷ ᠢ ᠪᠡᠨ ᠬᠥᠭᠵᠢᠭᠦᠯᠬᠦ᠂ ᠴᠠᠬᠢᠮ ᠲᠧᠭᠨᠣᠯᠣᠭᠢ ᠶᠢ ᠡᠳᠦᠷ ᠲᠤᠲᠤᠮ ᠠᠰᠢᠭᠯᠠᠬᠤ ᠪᠣᠯᠤᠮᠵᠢ ᠢᠯᠡᠭᠦᠦ ᠨᠡᠭᠡᠭᠡᠭᠳᠡᠵᠦ ᠪᠠᠶᠢᠭ᠎ᠠ ᠳᠤ ᠪᠠᠶᠠᠷᠲᠠᠢ ᠪᠠᠶᠢᠨ᠎ᠠ᠃

ᠨᠡᠶᠢᠲᠡᠯᠡᠭᠰᠡᠨ᠄