᠍ᠴᠠ᠊ ᠬᠥ᠊ ᠬᠠ᠊ ᠬᠣ᠊- ᠤ ᠰᠠᠶᠢᠳ ᠨ ∙ ᠤᠴᠠᠷᠠᠯ᠄ ᠦᠨᠳᠦᠰᠦᠨ ᠦ ᠳᠠᠲ᠋ᠠ ᠲᠥᠪ ᠦᠨ ᠨᠥᠭᠡᠴᠡ ᠲᠥᠪ ᠠᠰᠢᠭᠯᠠᠯᠲᠠ ᠳᠤ ᠣᠷᠣᠭᠰᠠᠨ ᠢᠶᠠᠷ ᠮᠠᠨ ᠤ ᠤᠯᠤᠰ ᠤᠨ ᠴᠠᠬᠢᠮ ᠬᠥᠭᠵᠢᠯ ᠦᠨ ᠦᠵᠡᠭᠦᠯᠦᠯᠲᠡ ᠨᠢᠭᠡ ᠰᠢᠲᠠᠷ᠎ᠠ ᠠᠬᠢᠵᠤ ᠪᠠᠶᠢᠨ᠎ᠠ


ᠮᠡᠳᠡᠭᠡᠯᠡᠯ᠂ ᠬᠠᠷᠢᠯᠴᠠᠭ᠎ᠠ ᠬᠣᠯᠪᠣᠭᠠᠨ ᠤ ᠲᠧᠭᠨᠣᠯᠣᠭᠢ ᠶᠢᠨ ᠳᠡᠪᠰᠢᠯ ᠢ ᠲᠥᠷᠦ ᠶᠢᠨ ᠦᠢᠯᠡ ᠠᠵᠢᠯᠯᠠᠭᠠᠨ ᠳᠤ ᠣᠨᠣᠪᠴᠢᠲᠠᠢ ᠠᠰᠢᠭᠯᠠᠬᠤ ᠵᠠᠮ ᠢᠶᠠᠷ ᠲᠥᠷᠦ ᠶᠢᠨ ᠦᠢᠯᠡᠴᠢᠯᠡᠭᠡ ᠶᠢ ᠢᠯᠡᠭᠦᠦ ᠦᠷ᠎ᠡ ᠠᠰᠢᠭ ᠲᠠᠢ᠂ ᠢᠯᠡ ᠲᠣᠳᠣ᠂ ᠬᠦᠷᠲᠡᠭᠡᠮᠵᠢ ᠲᠡᠢ ᠪᠣᠯᠭᠠᠬᠤ ᠵᠣᠷᠢᠯᠭ᠎ᠠ ᠪᠦᠬᠦᠢ ᠤᠬᠠᠭᠠᠯᠢᠭ ᠵᠠᠰᠠᠭ ᠲᠥᠰᠦᠯ ᠦᠨ ᠬᠦᠷᠢᠶᠡᠨ ᠳᠦ ᠳᠠᠷᠬᠠᠨ-ᠠᠭᠤᠯᠠ ᠠᠶᠢᠮᠠᠭ ᠲᠤ ᠦᠨᠳᠦᠰᠦᠨ ᠦ ᠳᠠᠲ᠋ᠠ ᠲᠥᠪ ᠦᠨ ᠨᠥᠭᠡᠴᠡ ᠲᠥᠪ ᠢ ᠪᠠᠶᠢᠭᠤᠯᠬᠤ ᠲᠥᠰᠦᠯ ᠢ ᠬᠡᠷᠡᠭᠵᠢᠭᠦᠯᠦᠯ᠎ᠡ᠃ ᠡᠨᠡᠬᠦ ᠲᠥᠰᠥᠯ ᠨᠢ ᠳᠡᠯᠡᠬᠡᠢ ᠶᠢᠨ ᠪᠠᠩᠬᠢᠨ ᠤ ᠭᠷᠦᠶᠢᠫ ᠦᠨ ᠣᠯᠠᠨ ᠤᠯᠤᠰ ᠤᠨ ᠬᠥᠭᠵᠢᠯ ᠦᠨ ᠠᠰᠰᠣᠴᠢᠶᠠᠴᠢ ᠶᠢᠨ ᠬᠥᠩᠭᠡᠯᠡᠯᠲᠡ ᠲᠡᠢ ᠵᠡᠭᠡᠯᠢ ᠶᠢᠨ ᠰᠠᠩᠬᠦᠵᠢᠯᠲᠡ ᠪᠡᠷ ᠬᠡᠷᠡᠭᠵᠢᠭᠰᠡᠨ᠃

ᠲᠥᠰᠦᠯ ᠨᠢ ᠒ ᠦᠨᠳᠦᠰᠦᠨ ᠪᠦᠲᠦᠴᠡ ᠲᠡᠢ ᠪᠡᠷ ᠬᠡᠷᠡᠭᠵᠢᠭᠰᠡᠨ ᠪᠥᠭᠡᠳ ᠡᠬᠢᠨ ᠦ ᠱᠠᠲᠤᠨ ᠳᠤ ᠦᠨᠳᠦᠰᠦᠨ ᠦ ᠳᠠᠲ᠋ᠠ ᠲᠥᠪ ᠦᠨ ᠨᠥᠭᠡᠴᠡ ᠲᠥᠪ ᠢ ᠪᠠᠶᠢᠭᠤᠯᠬᠤ᠂ ᠠᠰᠢᠭᠯᠠᠯᠲᠠ ᠳᠤ ᠣᠷᠣᠭᠤᠯᠬᠤ ᠲᠥᠰᠦᠯ ᠦᠨ ᠲᠧᠭᠨᠢᠭ ᠦᠨ ᠨᠠᠷᠢᠪᠴᠢᠯᠠᠭᠰᠠᠨ ᠲᠣᠳᠣᠷᠬᠠᠶᠢᠯᠠᠯᠲᠠ᠂ ᠳ᠋ᠢᠽᠠᠢ ᠶᠢᠨ ᠵᠢᠷᠤᠭᠯᠠᠯ ᠪᠣᠯᠤᠨ ᠲᠧᠨᠳᠧᠷ ᠦᠨ ᠪᠠᠷᠢᠮᠲᠠ ᠪᠢᠴᠢᠭ ᠢ ᠪᠣᠯᠪᠠᠰᠤᠷᠠᠭᠤᠯᠬᠤ ᠵᠥᠪᠯᠡᠬᠦ ᠪᠠᠭ ᠢ ᠰᠣᠩᠭᠣᠬᠤ ᠪᠠᠶᠢᠭᠰᠠᠨ ᠪᠥᠭᠡᠳ ᠲᠤᠰ ᠵᠦᠪᠳᠡᠬᠦ ᠪᠠᠭ ᠨᠢ ᠲᠧᠭᠨᠢᠭ ᠦᠨ ᠬᠣᠯᠪᠣᠭᠳᠠᠬᠤ ᠪᠠᠷᠢᠮᠲᠠ ᠪᠢᠴᠢᠭ ᠦᠳ ᠢ ᠪᠣᠯᠪᠠᠰᠤᠷᠠᠭᠤᠯᠬᠤ ᠠᠴᠠ ᠭᠠᠳᠠᠨ᠎ᠠ ᠨᠡᠶᠢᠯᠡᠭᠦᠯᠦᠯᠲᠡ᠂ ᠰᠠᠭᠤᠷᠢᠯᠠᠭᠤᠯᠤᠯᠲᠠ ᠳᠤ ᠬᠢᠨᠠᠯᠲᠠ ᠲᠠᠯᠪᠢᠬᠤ᠂ ᠣᠯᠠᠨ ᠤᠯᠤᠰ ᠤᠨ ᠵᠢᠱᠢᠭ ᠲᠦ ᠨᠡᠶᠢᠴᠡᠭᠰᠡᠨ ᠵᠥᠪᠯᠡᠬᠦ ᠦᠢᠯᠡᠴᠢᠯᠡᠭᠡ ᠶᠢ ᠮᠥᠨ ᠦᠵᠡᠭᠦᠯᠦᠭᠰᠡᠨ ᠶᠤᠮ᠃

ᠴᠠᠬᠢᠮ ᠮᠡᠳᠡᠭᠡᠯᠡᠯ᠂ ᠥᠭᠭᠥᠭᠳᠡᠯ ᠦᠨ ᠬᠤᠪᠢ ᠳᠤ 《ᠮᠡᠳᠡᠭᠡᠯᠡᠯ ᠦᠨ ᠬᠦᠷᠲᠡᠭᠡᠮᠵᠢ ᠲᠡᠢ᠂ ᠪᠥᠷᠢᠨ ᠪᠦᠲᠦᠨ᠂ ᠨᠢᠭᠤᠴᠠᠯᠠᠯᠲᠠᠢ ᠠᠶᠤᠯ ᠦᠭᠡᠢ ᠪᠠᠶᠢᠳᠠᠯ》 ᠭᠡᠰᠡᠨ 3 ᠠᠰᠠᠭᠤᠳᠠᠯ ᠢ ᠴᠢᠬᠤᠯᠠᠴᠢᠯᠠᠨ ᠠᠪᠴᠤ ᠦᠵᠡᠳᠡᠭ ᠪᠢᠯᠡ᠃

ᠮᠣᠩᠭᠣᠯ ᠤᠨ ᠦᠨᠳᠦᠰᠦᠨ ᠦ ᠳᠠᠲ᠋ᠠ ᠲᠥᠪ ᠒᠐᠐᠙ ᠣᠨ ᠳᠤ ᠪᠠᠶᠢᠭᠤᠯᠤᠭᠳᠠᠵᠤ ᠪᠠᠶᠢᠭᠰᠠᠨ ᠪᠣᠯ ᠵᠠᠰᠠᠭ ᠤᠨ ᠭᠠᠵᠠᠷ ᠠᠴᠠ ᠲᠥᠷᠦ ᠶᠢᠨ ᠴᠠᠬᠢᠮ ᠰᠢᠯᠵᠢᠯᠲᠡ ᠲᠡᠢ ᠬᠣᠯᠪᠣᠭᠠᠲᠠᠢ ᠪᠠᠷ ᠰᠡᠭᠦᠯ ᠦᠨ ᠵᠢᠯ ᠦᠳ ᠲᠦ ᠠᠪᠴᠤ ᠬᠡᠷᠡᠭᠵᠢᠭᠦᠯᠵᠦ ᠪᠤᠢ ᠠᠷᠭ᠎ᠠ ᠬᠡᠮᠵᠢᠶᠡᠨ ᠦ ᠬᠦᠷᠢᠶᠡᠨ ᠳᠦ ᠥᠨᠥᠳᠥᠷ ᠭᠠᠮᠰᠢᠭ ᠤᠨ ᠦᠶ᠎ᠡ ᠳᠦ ᠦᠨᠳᠦᠰᠦᠨ ᠲᠥᠪ ᠦᠨ ᠦᠵᠡᠭᠦᠯᠵᠦ ᠪᠤᠢ ᠨᠡᠩ ᠴᠢᠬᠤᠯᠠ ᠲᠥᠷᠦ ᠶᠢᠨ ᠴᠠᠬᠢᠮ ᠦᠢᠯᠡᠴᠢᠯᠡᠭᠡᠨ ᠦ ᠳᠡᠳ᠋ ᠪᠦᠲᠦᠴᠡ ᠶᠢᠨ ᠨᠠᠶᠢᠳᠠᠪᠤᠷᠢᠲᠠᠢ᠂ ᠲᠠᠰᠤᠯᠳᠠᠯ ᠦᠭᠡᠢ ᠠᠵᠢᠯᠯᠠᠭ᠎ᠠ ᠶᠢ ᠬᠠᠩᠭᠠᠬᠤ ᠦᠨᠳᠦᠰᠦᠨ ᠡᠭᠦᠷᠭᠡ ᠪᠦᠬᠦᠢ ᠨᠥᠭᠡᠴᠡ ᠳᠠᠲ᠋ᠠ ᠲᠥᠪ ᠢ ᠰᠢᠨ᠎ᠡ ᠪᠡᠷ ᠪᠠᠶᠢᠭᠤᠯᠤᠨ ᠠᠰᠢᠭᠯᠠᠯᠲᠠ ᠳᠤ ᠣᠷᠣᠭᠤᠯᠵᠤ᠂ ᠦᠢᠯᠡ ᠠᠵᠢᠯᠯᠠᠭ᠎ᠠ ᠶᠢ ᠨᠢ ᠠᠯᠪᠠᠨ ᠶᠣᠰᠣᠭᠠᠷ ᠡᠬᠢᠯᠡᠭᠦᠯᠵᠦ ᠪᠠᠶᠢᠨ᠎ᠠ᠃

ᠨᠡᠶᠢᠲᠡᠯᠡᠭᠰᠡᠨ᠄