ᠲᠥᠷᠥ ᠶᠢᠨ ᠴᠠᠬᠢᠮ ᠦᠢᠯᠡᠴᠢᠯᠡᠭᠡᠨ ᠦ ᠵᠣᠬᠢᠴᠠᠭᠤᠯᠤᠯᠲᠠ ᠶᠢᠨ ᠭᠠᠵᠠᠷ ᠤᠨ ᠳᠠᠷᠤᠭ᠎ᠠ ᠪᠠᠷ ᠫ ∙ ᠪᠠᠲᠤᠪᠠᠭᠠᠲᠤᠷ ᠲᠣᠮᠢᠯᠠᠭᠳᠠᠯ᠎ᠠ


ᠲᠥᠷᠦ ᠶᠢᠨ ᠤᠯᠠᠮᠵᠢᠯᠠᠯᠲᠤ ᠦᠢᠯᠡᠴᠢᠯᠡᠭᠡ ᠶᠢ ᠰᠢᠨ᠎ᠡ ᠱᠠᠲᠤᠨ ᠳᠤ ᠭᠠᠷᠭᠠᠵᠤ ᠲᠥᠷᠦ ᠶᠢᠨ ᠴᠠᠬᠢᠮ ᠦᠢᠯᠡᠴᠢᠯᠡᠭᠡᠨ ᠦ ᠨᠡᠷ᠎ᠡ ᠲᠥᠷᠦᠯ᠂ ᠴᠢᠨᠠᠷ᠂ ᠰᠲ᠋ᠠᠨᠳᠠᠷᠲ᠂ ᠬᠦᠷᠲᠡᠭᠡᠮᠵᠢ ᠶᠢ ᠰᠠᠶᠢᠵᠢᠷᠠᠭᠤᠯᠬᠤ ᠦᠨᠳᠦᠰᠦᠨ ᠴᠢᠭ ᠡᠭᠦᠷᠭᠡ ᠪᠦᠬᠦᠢ ᠲᠥᠷᠦ ᠶᠢᠨ ᠴᠠᠬᠢᠮ ᠦᠢᠯᠡᠴᠢᠯᠡᠭᠡᠨ ᠦ ᠵᠣᠬᠢᠴᠠᠭᠤᠯᠤᠯᠲᠠ ᠶᠢᠨ ᠭᠠᠵᠠᠷ ᠢ ᠒᠐᠒᠒ ᠣᠨ ᠤ ᠑᠒ ᠳ᠋ᠤᠭᠠᠷ ᠰᠠᠷ᠎ᠠ ᠶᠢᠨ ᠒᠘ ᠍ ᠤ ᠡᠳᠦᠷ ᠦᠨ ᠵᠠᠰᠠᠭ ᠤᠨ ᠭᠠᠵᠠᠷ ᠤᠨ ᠬᠤᠷᠠᠯᠳᠤᠭᠠᠨ ᠢᠶᠠᠷ ᠴᠠᠬᠢᠮ ᠬᠥᠭᠵᠢᠯ᠂ ᠬᠠᠷᠢᠯᠴᠠᠭ᠎ᠠ ᠬᠣᠯᠪᠣᠭᠠᠨ ᠤ ᠶᠠᠮᠤᠨ ᠤ ᠳᠡᠷᠭᠡᠳᠡ ᠪᠠᠶᠢᠭᠤᠯᠤᠭᠰᠠᠨ᠃

ᠮᠣᠩᠭᠣᠯ ᠤᠯᠤᠰ ᠤᠨ ᠵᠠᠰᠠᠭ ᠤᠨ ᠭᠠᠵᠠᠷ ᠤᠨ ᠐᠑ ᠳᠦᠭᠡᠷ ᠰᠠᠷ᠎ᠠ ᠶᠢᠨ ᠑᠑- ᠍ ᠦ ᠡᠳᠦᠷ ᠦᠨ ᠡᠭᠡᠯᠵᠢᠲᠦ ᠬᠤᠷᠠᠯᠳᠤᠭᠠᠨ ᠢᠶᠠᠷ ᠤᠯᠤᠰ ᠤᠨ ᠶᠡᠬᠡ ᠬᠤᠷᠠᠯ ᠤᠨ ᠲᠠᠮᠠᠭ᠎ᠠ ᠶᠢᠨ ᠭᠠᠵᠠᠷ ᠤᠨ ᠬᠠᠤᠯᠢ᠂ ᠡᠷᠬᠡ ᠵᠦᠢ ᠶᠢᠨ ᠭᠠᠵᠠᠷ ᠤᠨ ᠪᠠᠶᠢᠩᠭᠤ ᠶᠢᠨ ᠬᠣᠷᠢᠶᠠᠨ ᠤ ᠠᠰᠠᠭᠤᠳᠠᠯ ᠬᠠᠷᠢᠭᠤᠴᠠᠭᠰᠠᠨ ᠬᠡᠯᠲᠡᠰ ᠦᠨ ᠢᠨᠨᠣᠸᠠᠼ᠂ ᠴᠠᠬᠢᠮ ᠪᠣᠳᠣᠯᠭ᠎ᠠ ᠶᠢᠨ ᠪᠠᠶᠢᠩᠭᠤ ᠶᠢᠨ ᠬᠣᠷᠢᠶ᠎ᠠ ᠬᠠᠷᠢᠭᠤᠴᠠᠭᠰᠠᠨ ᠠᠬᠠᠯᠠᠬᠤ ᠵᠥᠪᠯᠡᠬᠦ ᠫᠦᠷᠪᠦᠵᠠᠪ ᠤᠨ ᠪᠠᠲᠤᠪᠠᠭᠠᠲᠤᠷ ᠢ ᠵᠠᠰᠠᠭ ᠤᠨ ᠭᠠᠵᠠᠷ ᠤᠨ ᠬᠡᠷᠡᠭᠵᠢᠭᠦᠯᠦᠭᠴᠢ ᠠᠭᠧᠨᠲᠯᠢᠭ–ᠲᠥᠷᠥ ᠶᠢᠨ ᠴᠠᠬᠢᠮ ᠦᠢᠯᠡᠴᠢᠯᠡᠭᠡᠨ ᠦ ᠵᠣᠬᠢᠴᠠᠭᠤᠯᠤᠯᠲᠠ ᠶᠢᠨ ᠭᠠᠵᠠᠷ ᠤᠨ ᠳᠠᠷᠤᠭ᠎ᠠ ᠪᠠᠷ ᠰᠢᠯᠵᠢᠭᠦᠯᠦᠨ ᠠᠵᠢᠯᠯᠠᠭᠤᠯᠬᠤ ᠪᠠᠷ ᠲᠣᠮᠢᠯᠠᠯ᠎ᠠ᠃

ᠲᠥᠷᠦ ᠶᠢᠨ ᠴᠠᠬᠢᠮ ᠦᠢᠯᠡᠴᠢᠯᠡᠭᠡᠨ ᠦ ᠵᠣᠬᠢᠴᠠᠭᠤᠯᠤᠯᠲᠠ ᠶᠢᠨ ᠭᠠᠵᠠᠷ ᠤᠨ ᠳᠠᠷᠤᠭ᠎ᠠ ᠫ ∙ ᠪᠠᠲᠤᠪᠠᠭᠠᠲᠤᠷ ᠨᠢ ᠒᠐᠐᠙-᠒᠐᠑᠓ ᠣᠨ ᠳᠤ ᠤᠯᠤᠰ ᠤᠨ ᠶᠡᠬᠡ ᠬᠤᠷᠠᠯ ᠤᠨ ᠲᠠᠮᠠᠭ᠎ᠠ ᠶᠢᠨ ᠭᠠᠵᠠᠷ ᠤᠨ ᠮᠡᠳᠡᠭᠡᠯᠡᠯ ᠦᠨ ᠲᠧᠭᠨᠣᠯᠣᠭᠢ᠂ ᠲᠧᠭᠨᠢᠭ ᠠᠰᠢᠭᠯᠠᠯᠲᠠ ᠶᠢᠨ ᠬᠡᠯᠲᠡᠰ ᠲᠦ ᠺᠣᠮᠫᠢᠶᠦ᠋ᠲ᠋ᠧᠷ ᠤᠨ ᠲᠧᠭᠨᠢᠭ ᠦᠨ ᠠᠵᠢᠯᠲᠠᠨ᠂ ᠷᠧᠹᠧᠷᠧᠨᠲ᠂ ᠒᠐᠑᠓-᠒᠐᠒᠐ᠣᠨ ᠳᠤ ᠤᠯᠤᠰ ᠤᠨ ᠶᠡᠬᠡ ᠬᠤᠷᠠᠯ ᠤᠨ ᠲᠠᠮᠠᠭ᠎ᠠ ᠶᠢᠨ ᠭᠠᠵᠠᠷ ᠤᠨ ᠮᠡᠳᠡᠭᠡᠯᠡᠯ ᠦᠨ ᠲᠧᠭᠨᠣᠯᠣᠭᠢ ᠶᠢᠨ ᠬᠡᠯᠲᠡᠰ ᠲᠦ ᠷᠧᠹᠧᠷᠧᠨᠲ᠂ ᠠᠬᠠᠯᠠᠬᠤ ᠷᠧᠹᠧᠷᠧᠨᠲ᠂ ᠒᠐᠒᠐ ᠣᠨ ᠠᠴᠠ ᠣᠳᠣ ᠶᠢ ᠬᠦᠷᠲᠡᠯ᠎ᠡ ᠤᠯᠤᠰ ᠤᠨ ᠶᠡᠬᠡ ᠬᠤᠷᠠᠯ ᠤᠨ ᠲᠠᠮᠠᠭ᠎ᠠ ᠶᠢᠨ ᠭᠠᠵᠠᠷ ᠤᠨ ᠬᠠᠤᠯᠢ ᠡᠷᠬᠡ ᠵᠦᠢ ᠶᠢᠨ ᠭᠠᠵᠠᠷ ᠤᠨ ᠪᠠᠶᠢᠩᠭᠤ ᠶᠢᠨ ᠬᠣᠷᠢᠶᠠᠨ ᠤ ᠠᠰᠠᠭᠤᠳᠠᠯ ᠬᠠᠷᠢᠭᠤᠴᠠᠭᠰᠠᠨ ᠬᠡᠯᠲᠡᠰ ᠲᠦ ᠢᠨᠨᠣᠸᠠᠼ᠂ ᠴᠠᠬᠢᠮ ᠪᠣᠳᠣᠯᠭ᠎ᠠ ᠶᠢᠨ ᠪᠠᠶᠢᠩᠭᠤ ᠶᠢᠨ ᠬᠣᠷᠢᠶ᠎ᠠ ᠬᠠᠷᠢᠭᠤᠴᠠᠭᠰᠠᠨ ᠠᠬᠠᠯᠠᠬᠤ ᠵᠥᠪᠯᠡᠬᠦ ᠪᠡᠷ ᠠᠵᠢᠯᠯᠠᠭᠰᠠᠨ ᠶᠤᠮ᠃

ᠨᠡᠶᠢᠲᠡᠯᠡᠭᠰᠡᠨ᠄