ᠪᠦᠭᠦᠳᠡ ᠨᠠᠶᠢᠷᠠᠮᠳᠠᠬᠤ ᠬᠢᠲᠠᠳ ᠠᠷᠠᠳ ᠤᠯᠤᠰ ᠶᠢᠨ ᠫᠢᠸᠠ-᠒ ᠬᠢᠮᠡᠯ ᠳᠠᠭᠠᠭᠤᠯᠢ ᠶᠢᠨ ᠮᠡᠳᠡᠭᠡᠯᠡᠯ ᠢ ᠠᠰᠢᠭᠯᠠᠭᠰᠠᠨ ᠢᠶᠠᠷ ᠬᠦᠷᠢᠶᠡᠯᠡᠩ ᠪᠤᠢ ᠣᠷᠴᠢᠨ ᠤ ᠤᠷᠲᠤ ᠬᠤᠭᠤᠴᠠᠭᠠᠨ ᠤ ᠲᠠᠰᠤᠷᠠᠯᠲᠠ ᠦᠭᠡᠢ ᠮᠣᠨᠢᠲ᠋ᠣᠷᠢᠨ ᠢ ᠬᠢᠬᠦ ᠪᠣᠯᠤᠮᠵᠢ ᠪᠥᠷᠢᠳᠦᠨ᠎ᠡ


ᠮᠠᠨ ᠤ ᠤᠯᠤᠰ ᠠᠽᠢᠶ᠎ᠠ᠂ ᠨᠣᠮᠣᠬᠠᠨ ᠳᠠᠯᠠᠢ ᠶᠢᠨ ᠰᠠᠨᠰᠠᠷ ᠤᠨ ᠬᠠᠮᠲᠤ ᠶᠢᠨ ᠠᠵᠢᠯᠯᠠᠭᠠᠨ ᠤ ᠪᠠᠶᠢᠭᠤᠯᠤᠯᠭ᠎ᠠ ᠶᠢᠨ ᠡᠭᠦᠰᠬᠡᠨ ᠪᠠᠶᠢᠭᠤᠯᠤᠭᠴᠢ ᠠᠩᠬᠠᠳᠠᠭᠴᠢ ᠭᠡᠰᠢᠭᠦᠨ ᠣᠷᠣᠨ ᠤ ᠨᠢᠭᠡ ᠪᠥᠭᠡᠳ ᠲᠤᠰ ᠪᠠᠶᠢᠭᠤᠯᠤᠯᠭ᠎ᠠ ᠨᠢ ᠪᠦᠭᠦᠳᠡ ᠨᠠᠶᠢᠷᠠᠮᠳᠠᠬᠤ ᠬᠢᠲᠠᠳ ᠠᠷᠠᠳ ᠤᠯᠤᠰ ᠤᠨ ᠦᠨᠳᠦᠰᠦᠨ ᠦ ᠰᠠᠨᠰᠠᠷ ᠤᠨ ᠠᠭᠧᠨᠲᠯᠢᠭ ᠪᠣᠯᠤᠨ ᠴᠠᠭ ᠠᠭᠤᠷ ᠤᠨ ᠠᠭᠧᠨᠲᠯᠢᠭ ᠲᠠᠢ ᠬᠠᠮᠲᠤᠷᠠᠨ ᠭᠡᠰᠢᠭᠦᠨ ᠣᠷᠣᠨ ᠨᠤᠭᠤᠳ ᠲᠤ ᠴᠠᠭ ᠠᠭᠠᠷ ᠤᠨ ᠨᠥᠬᠥᠴᠡᠯ ᠪᠠᠶᠢᠳᠠᠯ᠂ ᠭᠠᠵᠠᠷ ᠲᠠᠷᠢᠶᠠᠯᠠᠩ᠂ ᠪᠡᠯᠴᠢᠭᠡᠷ ᠦᠨ ᠰᠤᠳᠤᠯᠭ᠎ᠠ᠂ ᠭᠠᠮᠰᠢᠭ ᠤᠨ ᠡᠷᠦᠰᠳᠡᠯ ᠢ ᠪᠠᠭᠤᠷᠠᠭᠤᠯᠬᠤ ᠵᠣᠷᠢᠯᠭ᠎ᠠ ᠪᠠᠷ ᠪᠦᠭᠦᠳᠡ ᠨᠠᠶᠢᠷᠠᠮᠳᠠᠬᠤ ᠬᠢᠲᠠᠳ ᠠᠷᠠᠳ ᠤᠯᠤᠰ ᠤᠨ ᠴᠠᠭ ᠠᠭᠤᠷ ᠤᠨ ᠬᠢᠮᠡᠯ ᠳᠠᠭᠠᠭᠤᠯᠢ (ᠫᠢᠸᠠ᠒) ᠍ ᠠᠴᠠ ᠮᠡᠳᠡᠭᠡ ᠬᠦᠯᠢᠶᠡᠨ ᠠᠪᠬᠤ ᠭᠠᠵᠠᠷ ᠤᠨ ᠰᠲ᠋ᠠᠨᠼᠢ ᠶᠢ ᠪᠤᠴᠠᠯᠲᠠ ᠦᠭᠡᠢ ᠲᠤᠰᠠᠯᠠᠮᠵᠢ ᠶᠢᠨ ᠱᠤᠭᠤᠮ ᠢᠶᠠᠷ ᠪᠠᠶᠢᠭᠤᠯᠬᠤ ᠪᠠᠷ ᠪᠠᠲᠤᠯᠠᠭᠰᠠᠨ᠃

ᠡᠨᠡᠬᠦ ᠠᠵᠢᠯ ᠤᠨ ᠬᠦᠷᠢᠶᠡᠨ ᠳᠦ ᠣᠷᠴᠢᠨ ᠦᠶ᠎ᠡ ᠶᠢᠨ ᠵᠠᠶᠢᠨ ᠠᠴᠠ ᠲᠠᠩᠳᠠᠨ ᠰᠤᠳᠤᠯᠤᠯ᠂ ᠭᠠᠵᠠᠷ ᠵᠦᠢ ᠶᠢᠨ ᠮᠡᠳᠡᠭᠡᠯᠡᠯ ᠦᠨ ᠰᠢᠰᠲ᠋ᠧᠮ ᠦᠨ ᠰᠤᠳᠤᠯᠭᠠᠨ ᠤ ᠠᠷᠭ᠎ᠠ ᠵᠦᠢ ᠶᠢ ᠰᠤᠳᠤᠯᠬᠤ᠂ ᠬᠡᠷᠡᠭᠯᠡᠭᠡᠨ ᠳᠦ ᠨᠡᠪᠲᠡᠷᠡᠭᠦᠯᠬᠦ᠂ ᠯᠣᠯᠨ ᠤᠯᠠᠰ ᠍ ᠤᠨ ᠵᠢᠱᠢᠭ ᠲᠦ ᠨᠡᠶᠢᠴᠡᠭᠰᠡᠨ ᠴᠢᠳᠠᠪᠤᠷᠢᠯᠢᠭ ᠪᠣᠯᠪᠠᠰᠤᠨ ᠬᠦᠴᠦᠨ᠂ ᠰᠤᠳᠤᠯᠤᠭᠠᠴᠢᠳ ᠢ ᠪᠡᠯᠡᠳᠬᠡᠬᠦ᠂ ᠳᠡᠯᠡᠬᠡᠢ ᠶᠢᠨ ᠬᠥᠭᠵᠢᠯ ᠦᠨ ᠲᠦᠪᠰᠢᠨ ᠳᠦ ᠨᠡᠶᠢᠴᠡᠬᠦ ᠴᠢᠳᠠᠮᠵᠢ ᠪᠦᠬᠦᠢ ᠮᠣᠩᠭᠣᠯ ᠤᠯᠤᠰ ᠤᠨ ᠶᠡᠬᠡ ᠰᠤᠷᠭᠠᠭᠤᠯᠢ ᠦᠨ 《ᠵᠠᠶᠢᠨ ᠠᠴᠠ ᠲᠠᠩᠳᠠᠨ ᠰᠤᠳᠤᠯᠤᠯ-ᠭᠠᠵᠠᠷ ᠵᠦᠢ ᠶᠢᠨ ᠮᠡᠳᠡᠭᠡᠯᠡᠯ ᠦᠨ ᠰᠢᠰᠲ᠋ᠧᠮ ᠦᠨ ᠰᠤᠳᠤᠯᠭᠠᠨ ᠤ ᠯᠠᠪᠤᠷᠠᠲ᠋ᠣᠷᠢ》 ᠪᠠᠶᠢᠭᠤᠯᠤᠭᠳᠠᠭᠰᠠᠨ᠃

ᠲᠤᠰ ᠯᠠᠪᠣᠷᠠᠲ᠋ᠣᠷᠢ ᠪᠣᠯᠤᠨ ᠪᠦᠭᠦᠳᠡ ᠨᠠᠶᠢᠷᠠᠮᠳᠠᠬᠤ ᠬᠢᠲᠠᠳ ᠠᠷᠠᠳ ᠤᠯᠤᠰ ᠶᠢᠨ ᠫᠢᠸᠠ-᠒ ᠬᠢᠮᠡᠯ ᠳᠠᠭᠠᠭᠤᠯᠢ ᠶᠢᠨ ᠮᠡᠳᠡᠭᠡ ᠬᠦᠯᠢᠶᠡᠨ ᠠᠪᠬᠤ᠂ ᠰᠲ᠋ᠠᠨᠼ ᠢ ᠰᠠᠭᠤᠷᠢᠯᠠᠭᠤᠯᠬᠤ᠂ ᠠᠰᠢᠭᠯᠠᠯᠲᠠ ᠬᠡᠷᠡᠭᠯᠡᠭᠡ ᠶᠢ ᠨᠡᠪᠲᠡᠷᠡᠭᠦᠯᠬᠦ》 ᠲᠥᠰᠦᠯ ᠦᠨ ᠨᠡᠭᠡᠭᠡᠯᠲᠡ ᠶᠢᠨ ᠠᠷᠭ᠎ᠠ ᠬᠡᠮᠵᠢᠶ᠎ᠡ ᠥᠨᠥᠳᠥᠷ /᠒᠐᠒᠓.᠐᠑.᠑᠓/ ᠪᠣᠯᠵᠤ᠂ ᠣᠳᠣ ᠬᠡᠷᠡᠭᠵᠢᠵᠦ ᠪᠤᠢ ᠲᠥᠰᠦᠯ ᠬᠥᠲᠦᠯᠪᠦᠷᠢ ᠶᠢᠨ ᠦᠢᠯᠡ ᠠᠵᠢᠯᠯᠠᠭ᠎ᠠ ᠪᠣᠯᠤᠨ ᠴᠢᠨᠠᠭᠰᠢᠳᠠ ᠶᠢᠨ ᠬᠥᠭᠵᠢᠯ᠂ ᠬᠠᠮᠲᠤ ᠶᠢᠨ ᠠᠵᠢᠯᠯᠠᠭᠠᠨ ᠤ ᠲᠠᠯ᠎ᠠ ᠪᠠᠷ ᠢᠯᠡᠳᠬᠡᠯ᠂ ᠬᠡᠯᠡᠯᠴᠡᠭᠦᠯᠭᠡ ᠥᠷᠨᠢᠭᠦᠯᠪᠡ᠃

ᠫᠢᠸᠠ-᠒ ᠬᠢᠮᠡᠯ ᠳᠠᠭᠠᠭᠤᠯᠢ ᠶᠢᠨ ᠮᠡᠳᠡᠭᠡᠯᠡᠯ ᠢ ᠠᠰᠢᠭᠯᠠᠭᠰᠠᠨ ᠢᠶᠠᠷ ᠮᠣᠩᠭᠣᠯ ᠣᠷᠣᠨ ᠤ ᠲᠡᠳᠦᠢ ᠦᠭᠡᠢ ᠪᠦᠰᠡ ᠨᠤᠲᠤᠭ ᠤᠨ ᠬᠡᠮᠵᠢᠶᠡᠨ ᠦ ᠨᠤᠲᠤᠭ ᠳᠡᠪᠢᠰᠬᠡᠷ ᠢ ᠬᠠᠮᠤᠷᠤᠭᠰᠠᠨ ᠴᠠᠭ ᠲᠤᠲᠤᠮ ᠤᠨ ᠪᠣᠳᠠᠲᠤ ᠮᠡᠳᠡᠭᠡ ᠶᠢ ᠬᠦᠯᠢᠶᠡᠨ ᠠᠪᠴᠤ ᠪᠣᠯᠪᠠᠰᠤᠷᠠᠭᠤᠯᠤᠨ᠂ ᠪᠠᠶᠢᠭᠠᠯᠢ ᠴᠠᠭ ᠠᠭᠤᠷ ᠤᠨ ᠨᠥᠬᠥᠴᠡᠯ᠂ ᠭᠠᠮᠰᠢᠭ ᠤᠨ ᠰᠤᠳᠤᠯᠭ᠎ᠠ᠂ ᠬᠡᠷᠡᠭᠯᠡᠭᠡᠨ ᠦ ᠥᠷᠭᠡᠨ ᠬᠦᠷᠢᠶᠡᠨ ᠳᠦ ᠠᠰᠢᠭᠯᠠᠬᠤ ᠠᠴᠠ ᠭᠠᠳᠠᠨ᠎ᠠ ᠲᠥᠷᠦ ᠶᠢᠨ ᠪᠣᠯᠤᠨ ᠲᠥᠷᠦ ᠶᠢᠨ ᠪᠤᠰᠤ ᠪᠠᠶᠢᠭᠤᠯᠤᠯᠭ᠎ᠠ ᠨᠤᠭᠤᠳ ᠲᠠᠢ ᠮᠡᠳᠡᠭᠡᠯᠡᠯ ᠰᠣᠯᠢᠯᠴᠠᠬᠤ᠂ ᠰᠤᠷᠭᠠᠯᠲᠠ᠂ ᠰᠤᠳᠤᠯᠭ᠎ᠠ ᠰᠢᠨᠵᠢᠯᠡᠭᠡ᠂ ᠰᠢᠢᠳᠪᠦᠷᠢ ᠭᠠᠷᠭᠠᠬᠤ ᠦᠢᠯᠡ ᠶᠠᠪᠤᠴᠠ ᠳᠤ ᠠᠰᠢᠭᠯᠠᠬᠤ᠂ ᠬᠦᠷᠢᠶᠡᠯᠡᠨ ᠪᠤᠢ ᠣᠷᠴᠢᠨ ᠤ ᠤᠷᠲᠤ ᠬᠤᠭᠤᠴᠠᠭᠠᠨ ᠤ ᠲᠠᠰᠤᠷᠠᠯᠲᠠ ᠦᠭᠡᠢ ᠮᠣᠨᠢᠲ᠋ᠣᠷᠢᠨ ᠢ ᠬᠢᠬᠦ ᠪᠣᠯᠤᠮᠵᠢ ᠪᠦᠷᠢᠳᠴᠦ ᠪᠠᠶᠢᠨ᠎ᠠ᠃

ᠨᠡᠶᠢᠲᠡᠯᠡᠭᠰᠡᠨ᠄