ᠡᠷᠡᠭᠦᠯ ᠮᠡᠨᠳᠦ ᠶᠢᠨ ᠳᠠᠭᠠᠳᠬᠠᠯ ᠤᠨ ᠰᠢᠮᠡᠳᠬᠡᠯ ᠢᠶᠡᠨ ᠴᠠᠬᠢᠮ ᠢᠶᠠᠷ ᠤᠯᠭᠤᠬᠤ᠂ ᠴᠠᠬᠢᠮ ᠢᠶᠠᠷ ᠮᠡᠳᠡᠭᠡᠯᠡᠯ ᠢᠶᠡᠨ ᠬᠠᠷᠠᠬᠤ ᠪᠣᠯᠤᠮᠵᠢ ᠲᠠᠢ ᠪᠣᠯᠤᠯ᠎ᠠ


ᠴᠠᠬᠢᠮ ᠬᠥᠭᠵᠢᠯ᠂ ᠬᠠᠷᠢᠯᠴᠠᠭ᠎ᠠ ᠬᠣᠯᠪᠣᠭᠠᠨ ᠤ ᠰᠠᠶᠢᠳ ᠨ ∙ ᠤᠴᠠᠷᠠᠯ ᠥᠨᠥᠳᠥᠷ ᠡᠷᠡᠭᠦᠯ ᠮᠡᠨᠳᠦ ᠶᠢᠨ ᠳᠠᠭᠠᠳᠬᠠᠯ ᠤᠨ ᠶᠡᠷᠦᠩᠬᠡᠢ ᠭᠠᠵᠠᠷ ᠤᠨ 《ᠬᠡᠷᠡᠭᠯᠡᠭᠴᠢ ᠲᠡᠢ ᠬᠠᠷᠢᠯᠴᠠᠬᠤ ᠲᠥᠪ》 ᠍ ᠤᠨ ᠦᠢᠯᠡ ᠠᠵᠢᠯᠯᠠᠭ᠎ᠠ ᠲᠠᠢ ᠲᠠᠨᠢᠯᠴᠠᠯ᠎ᠠ᠃ ᠲᠤᠰ ᠲᠥᠪ ᠨᠢ ᠢᠷᠭᠡᠳ ᠲᠦ ᠳᠠᠭᠠᠳᠬᠠᠯ ᠲᠠᠢ ᠬᠣᠯᠪᠣᠭ᠎ᠠ ᠲᠠᠢ ᠪᠦᠬᠦ ᠲᠥᠷᠥᠯ ᠦᠨ ᠮᠡᠳᠡᠭᠡ᠂ ᠮᠡᠳᠡᠭᠡᠯᠡᠯ᠂ ᠵᠥᠪᠯᠡᠭᠡ ᠶᠢ ᠑᠘᠐᠐-᠑᠓᠖᠓ ᠯᠠᠪᠯᠠᠬᠤ ᠤᠲᠠᠰᠤ ᠪᠠᠷ ᠥᠭᠴᠦ ᠪᠠᠶᠢᠨ᠎ᠠ᠃ ᠮᠥᠨ ᠒᠐ ᠭᠠᠷᠤᠢ ᠡᠷᠡᠭᠦᠯ ᠮᠡᠨᠳᠦ ᠶᠢᠨ ᠳᠠᠭᠠᠳᠬᠠᠯ ᠤᠨ ᠲᠥᠷᠦ ᠶᠢᠨ ᠦᠢᠯᠡᠴᠢᠯᠡᠭᠡ ᠶᠢ ᠴᠠᠬᠢᠮ ᠢᠶᠠᠷ ᠪᠣᠯᠤᠨ ᠪᠡᠶᠡᠴᠢᠯᠡᠨ ᠢᠷᠡᠭᠰᠡᠨ ᠢᠷᠭᠡᠳ ᠲᠦ ᠦᠵᠡᠭᠦᠯᠵᠦ ᠪᠠᠶᠢᠨ᠎ᠠ᠃

ᠲᠥᠷᠥ ᠶᠢᠨ ᠦᠢᠯᠡᠴᠢᠯᠡᠭᠡ ᠶᠢ ᠴᠠᠬᠢᠮᠵᠢᠭᠤᠯᠬᠤ ᠪᠣᠳᠣᠯᠭ᠎ᠠ ᠶᠢᠨ ᠬᠦᠷᠢᠶᠡᠨ ᠳᠦ ᠥᠩᠭᠡᠷᠡᠭᠰᠡᠨ ᠣᠨ ᠳᠤ ᠳᠠᠭᠠᠳᠬᠠᠭᠤᠯᠤᠭᠴᠢ ᠢᠷᠭᠡᠳ ᠦᠨ ᠬᠠᠮᠤᠭ ᠤᠨ ᠶᠡᠬᠡ ᠠᠪᠳᠠᠭ ᠡᠷᠢᠯᠲᠡ ᠲᠡᠢ ᠦᠢᠯᠡᠴᠢᠯᠡᠭᠡᠨ ᠨᠦᠭᠦᠳ ᠢ ᠪᠦᠷᠢᠨ ᠴᠠᠬᠢᠮᠵᠢᠭᠤᠯᠤᠭᠰᠠᠨ᠃ ᠲᠤᠬᠠᠶᠢᠯᠠᠪᠠᠯ ᠢᠷᠭᠡᠳ ᠡᠷᠡᠭᠦᠯ ᠮᠡᠨᠳᠦ ᠶᠢᠨ ᠳᠠᠭᠠᠳᠬᠠᠯ ᠤᠨ ᠰᠢᠮᠡᠳᠬᠡᠯ ᠦᠨ ᠮᠡᠳᠡᠭᠡᠯᠡᠯ ᠢᠶᠡᠨ ᠎᠎᠎᠎᠎ᠸᠸᠸ.᠎ᠢᠶᠮᠳ.ᠭᠣᠸ.ᠮᠨ ᠰᠠᠶᠢᠲᠤ ᠠᠴᠠ ᠬᠠᠷᠠᠬᠤ ᠪᠣᠯᠤᠮᠵᠢ ᠲᠠᠢ ᠪᠣᠯᠤᠭᠰᠠᠨ᠃ ᠡᠭᠦᠨ ᠦ ᠦᠷ᠎ᠡ ᠳᠦᠩ ᠳᠦ ᠒᠐᠒᠒ ᠣᠨ ᠳᠤ ᠨᠡᠶᠢᠲᠡ ᠳᠦ ᠪᠡᠨ ᠳᠠᠪᠬᠤᠷᠳᠠᠭᠰᠠᠨ ᠲᠣᠭ᠎ᠠ ᠪᠠᠷ ᠔᠕᠐ ᠮᠢᠩᠭᠠᠨ ᠳᠠᠭᠠᠳᠬᠠᠭᠤᠯᠤᠭᠴᠢ ᠴᠠᠬᠢᠮ ᠢᠶᠠᠷ ᠰᠢᠮᠡᠳᠬᠡᠯ ᠦᠨ ᠮᠡᠳᠡᠭᠡᠯᠡᠯ ᠢᠶᠡᠨ ᠠᠪᠤᠭᠰᠠᠨ ᠪᠠᠶᠢᠨ᠎ᠠ᠃ ᠮᠥᠨ ᠡᠷᠡᠭᠦᠯ ᠮᠡᠨᠳᠦ ᠶᠢᠨ ᠳᠠᠭᠠᠳᠬᠠᠯ ᠤᠨ ᠰᠢᠮᠡᠳᠬᠡᠯ ᠢᠶᠡᠨ ᠢ.ᠪᠠᠷᠢᠮᠲᠠ ᠠᠫᠫᠯᠢᠭ ᠢᠶᠢᠰᠢᠩ ᠢᠶᠡᠷ ᠳᠠᠮᠵᠢᠭᠤᠯᠤᠨ ᠲᠥᠯᠦᠳᠡᠭ ᠪᠣᠯᠤᠭᠰ᠒᠓᠗ ᠮᠢᠩᠭ᠎ᠠ ᠭᠠᠷᠤᠢ ᠢᠷᠭᠡᠨ ᠡᠷᠡᠭᠦᠯ ᠮᠡᠨᠳᠦ ᠶᠢᠨ ᠳᠠᠭᠠᠳᠬᠠᠯ ᠤᠨ ᠰᠢᠮᠡᠳᠬᠡᠯ᠎ᠡ ᠲᠥᠯᠦᠵᠦ᠂ ᠡᠷᠡᠭᠦᠯ ᠮᠡᠨᠳᠦ ᠶᠢᠨ ᠳᠠᠭᠠᠳᠬᠠᠯ ᠤᠨ ᠰᠠᠩ ᠳᠤ ᠑᠑.᠑ ᠲᠡᠷᠪᠤᠮ ᠲᠥᠭᠦᠷᠢᠭ ᠦᠨ ᠣᠷᠣᠯᠭ᠎ᠠ ᠶᠢ ᠪᠦᠷᠢᠳᠦᠭᠦᠯᠦᠯ᠎ᠡ᠃ ᠣᠨ ᠭᠠᠷᠤᠭᠰᠠᠭᠠᠷ ᠑᠓ ᠬᠣᠨᠣᠭ ᠲᠤ ᠑᠙ ᠮᠢᠩᠭᠠᠨ ᠢᠷᠭᠡᠨ ᠴᠠᠬᠢᠮ ᠢᠶᠠᠷ ᠡᠷᠡᠭᠦᠯ ᠮᠡᠨᠳᠦ ᠶᠢᠨ ᠳᠠᠭᠠᠳᠬᠠᠯ ᠤᠨ ᠰᠢᠮᠡᠳᠬᠡᠯ ᠢᠶᠡᠨ ᠲᠥᠯᠦᠵᠦ᠂ ᠑ ᠲᠡᠷᠪᠤᠮ ᠭᠠᠷᠤᠢ ᠲᠥᠭᠥᠷᠢᠭ ᠢ ᠡᠷᠡᠭᠦᠯ ᠮᠡᠨᠳᠦ ᠶᠢᠨ ᠳᠠᠭᠠᠳᠬᠠᠯ ᠤᠨ ᠰᠠᠩ ᠳᠤ ᠲᠥᠪᠯᠡᠷᠡᠭᠦᠯᠦᠯ᠎ᠡ᠃

ᠨᠡᠶᠢᠲᠡᠯᠡᠭᠰᠡᠨ᠄