ᠣᠯᠠᠨ ᠨᠡᠶᠢᠲᠡ ᠶᠢᠨ ᠰᠦᠯᠵᠢᠶᠡᠨ ᠳᠦ ᠬᠦᠮᠦᠨ ᠦ ᠡᠷᠬᠡ ᠶᠢ ᠬᠠᠮᠠᠭᠠᠯᠠᠬᠤ ᠴᠢᠭᠯᠡᠯ ᠳᠦ ᠮᠣᠩᠭᠣᠯ ᠤᠯᠤᠰ ᠤᠨ ᠬᠦᠮᠦᠨ ᠦ ᠡᠷᠬᠡ ᠶᠢᠨ ᠦᠨᠳᠦᠰᠦᠨ ᠦ ᠺᠣᠮᠢᠰ ᠲᠠᠢ ᠬᠠᠮᠲᠤᠷᠠᠨ ᠠᠵᠢᠯᠯᠠᠨ᠎ᠠ


ᠣᠯᠠᠨ ᠨᠡᠶᠢᠲᠡ ᠶᠢᠨ ᠰᠦᠯᠵᠢᠶᠡᠨ ᠳᠦ ᠬᠦᠮᠦᠨ ᠦ ᠡᠷᠬᠡ ᠶᠢ ᠬᠠᠮᠠᠭᠠᠯᠠᠬᠤ ᠬᠠᠤᠯᠢ ᠡᠷᠬᠡ ᠵᠦᠢ ᠶᠢᠨ ᠣᠷᠴᠢᠨ ᠢ ᠪᠣᠯᠪᠠᠰᠤᠷᠠᠩᠭᠤᠢ ᠪᠣᠯᠭᠠᠬᠤ᠂ ᠬᠦᠮᠦᠨ ᠦ ᠡᠷᠬᠡ ᠶᠢᠨ ᠪᠠᠶᠢᠭᠤᠯᠤᠯᠭ᠎ᠠ ᠶᠢᠨ ᠳᠠᠭᠤᠤ ᠬᠣᠭᠣᠯᠠᠢ ᠶᠢ ᠤᠭ ᠠᠰᠠᠭᠤᠳᠠᠯ ᠳᠤ ᠲᠤᠰᠬᠠᠬᠤ ᠵᠣᠷᠢᠯᠭ᠎ᠠ ᠪᠠ ᠼᠬ ᠬᠥ ᠬᠠ ᠬᠣ ᠢᠶ ᠍ ᠤ ᠳᠡᠳ᠋ ᠰᠠᠶᠢᠳ ᠵ ∙ ᠡᠷᠬᠢᠮᠪᠠᠭᠠᠲᠤᠷ ᠥᠨᠥᠳᠥᠷ /᠒᠐᠒᠓.᠐᠑.᠑᠗/ ᠬᠦᠮᠦᠨ ᠦ ᠡᠷᠬᠡ ᠶᠢᠨ ᠦᠨᠳᠦᠰᠦᠨ ᠦ ᠺᠣᠮᠢᠰ ᠲᠤ ᠠᠵᠢᠯᠯᠠᠭ᠎ᠠ᠃ ᠴᠠᠬᠢᠮ ᠣᠷᠴᠢᠨ ᠳ᠋ᠠᠬᠢ ᠬᠡᠦᠬᠡᠳ ᠦᠨ ᠡᠷᠬᠡ ᠶᠢᠨ ᠵᠥᠷᠢᠴᠡᠯ ᠦᠨ ᠰᠤᠳᠤᠯᠭ᠎ᠠ ᠪᠠᠷ ᠥᠰᠪᠦᠷᠢ ᠨᠠᠰᠤᠨ ᠤ ᠬᠡᠦᠬᠡᠳ ᠦᠳ ᠦᠨ ᠗᠐ ᠭᠠᠷᠤᠢ ᠬᠤᠪᠢ ᠨᠢ ᠡᠳᠦᠷ ᠲᠦ ᠑-᠒ ᠴᠠᠭ ᠢ ᠴᠠᠬᠢᠮ ᠣᠷᠴᠢᠨ ᠳᠤ ᠥᠩᠭᠡᠷᠡᠭᠦᠯᠳᠡᠭ ᠪᠠ ᠬᠣᠶᠠᠷ ᠬᠡᠦᠬᠡᠳ ᠲᠤᠲᠤᠮ ᠤᠨ ᠨᠢᠭᠡ ᠨᠢ ᠰᠠᠳᠤᠷ ᠰᠠᠮᠠᠭᠤᠨ ᠢ ᠰᠤᠷᠲᠠᠯᠴᠢᠯᠠᠭᠰᠠᠨ ᠮᠡᠳᠡᠭᠡᠯᠡᠯ ᠲᠡᠢ ᠲᠣᠭᠲᠠᠮᠠᠯ ᠲᠠᠭᠠᠷᠠᠯᠳᠤᠳᠠᠭ᠂ ᠘᠒ ᠬᠤᠪᠢ ᠨᠢ ᠵᠦᠢ ᠪᠤᠰᠤ ᠤᠳᠬ᠎ᠠ ᠲᠠᠢ ᠵᠤᠷᠪᠤᠰ ᠢ ᠮᠡᠶᠢᠯ᠂ ᠹᠧᠢᠰᠪᠥᠺ ᠤᠨ ᠬᠡᠷᠡᠭᠯᠡᠭᠴᠢᠳ ᠡᠴᠡ ᠠᠪᠴᠤ ᠪᠠᠶᠢᠭᠰᠠᠨ᠂ ᠡᠴᠢᠭᠡ ᠡᠬᠡᠴᠦᠳ ᠦᠨ ᠙᠕ ᠬᠤᠪᠢ ᠳᠤ ᠨᠢ ᠡᠨᠡ ᠲᠥᠷᠦᠯ ᠦᠨ ᠰᠥᠷᠭᠦ ᠮᠡᠳᠡᠭᠡᠯᠡᠯ ᠢ ᠬᠢᠨᠠᠬᠤ᠂ ᠬᠢᠵᠠᠭᠠᠷᠯᠠᠬᠤ ᠫᠷᠣᠭᠷᠠᠮ ᠬᠠᠩᠭᠠᠮᠵᠢ ᠶᠢᠨ ᠤᠷ᠎ᠠ ᠴᠢᠳᠠᠪᠤᠷᠢ ᠪᠠᠶᠢᠬᠤ ᠦᠭᠡᠢ ᠡᠴᠡ ᠙᠓ ᠬᠤᠪᠢ ᠨᠢ ᠬᠡᠦᠬᠡᠳ ᠢᠶᠡᠨ ᠴᠠᠬᠢᠮ ᠳᠠᠷᠤᠮᠲᠠ ᠳᠤ ᠥᠷᠲᠦᠵᠦ ᠪᠠᠶᠢᠭᠰᠠᠨ ᠲᠠᠯ᠎ᠠ ᠪᠠᠷ ᠳᠤᠷᠠᠳᠴᠠᠢ᠃

ᠴᠠᠭᠳᠠᠭ᠎ᠠ ᠶᠢᠨ ᠪᠠᠶᠢᠭᠤᠯᠤᠯᠭ᠎ᠠ ᠶᠢᠨ ᠮᠡᠳᠡᠭᠡᠯᠡᠯ ᠢᠶᠡᠷ ᠒᠐᠒᠒ ᠣᠨ ᠳᠤ ᠴᠠᠬᠢᠮ ᠣᠷᠴᠢᠨ ᠳᠤ ᠨᠡᠶᠢᠲᠡ ᠘᠂᠕᠖᠓ ᠭᠡᠮᠲᠦ ᠬᠡᠷᠡᠭ ᠦᠢᠯᠡᠳᠦᠭᠳᠡᠭᠰᠡᠨ᠃ ᠡᠭᠦᠨ ᠡᠴᠡ ᠶᠡᠬᠡᠪᠴᠢᠯᠡᠨ ᠵᠠᠯᠢᠯᠠᠬᠤ᠂ ᠬᠤᠳᠠᠯ ᠮᠡᠳᠡᠭᠡᠯᠡᠯ ᠲᠠᠷᠠᠭᠠᠬᠤ᠂ ᠺᠢᠪᠧᠷ ᠣᠷᠴᠢᠨ ᠳᠤ ᠬᠠᠤᠯᠢ ᠪᠤᠰᠤ ᠪᠠᠷ ᠬᠠᠯᠳᠠᠬᠤ᠂ ᠬᠤᠯᠠᠭᠠᠶᠢᠯᠠᠬᠤ᠂ ᠵᠠᠨᠤᠯᠬᠢᠯᠡᠬᠦ᠂ ᠮᠥᠷᠥᠢ ᠲᠡᠢ ᠲᠣᠭᠯᠠᠭᠠᠮ ᠵᠣᠬᠢᠶᠠᠨ ᠪᠠᠶᠢᠭᠤᠯᠬᠤ᠂ ᠬᠥᠷᠦᠩᠭᠡ ᠵᠠᠪᠰᠢᠬᠤ᠂ ᠬᠤᠪᠢ ᠬᠦᠮᠦᠨ ᠦ ᠨᠢᠭᠤᠴᠠ ᠳᠤ ᠬᠠᠯᠳᠠᠬᠤ ᠵᠡᠷᠭᠡ ᠭᠡᠮᠲᠦ ᠬᠡᠷᠡᠭ ᠦᠳ ᠳᠡᠶᠢᠯᠦᠩᠬᠢ ᠬᠡᠰᠡᠭ ᠢ ᠡᠵᠡᠯᠡᠵᠦ ᠪᠠᠶᠢᠨ᠎ᠠ᠃
ᠡᠶᠢᠮᠦ ᠳᠦ ᠴᠠᠬᠢᠮ ᠣᠷᠴᠢᠨ ᠳ᠋ᠠᠬᠢ ᠵᠣᠬᠢᠴᠠᠭᠤᠯᠤᠯᠲᠠ ᠦᠭᠡᠢ ᠺᠣᠨᠲ᠋ᠧᠨᠲ ᠤᠨ ᠤᠷᠤᠰᠬᠠᠯ ᠠᠴᠠ ᠬᠦᠮᠦᠨ ᠦ ᠡᠷᠬᠡ ᠶᠢᠨ ᠵᠥᠷᠢᠴᠡᠯ ᠲᠡᠢ ᠠᠭᠤᠯᠭ᠎ᠠ ᠶᠢ ᠣᠯᠠᠨ ᠤᠯᠤᠰ ᠤᠨ ᠵᠢᠱᠢᠭ ᠲᠦ ᠨᠡᠶᠢᠴᠡᠭᠦᠯᠦᠨ ᠬᠠᠤᠯᠢ ᠶᠢᠨ ᠬᠦᠷᠢᠶᠡᠨ ᠳᠦ ᠢᠯᠭᠠᠬᠤ᠂ ᠬᠠᠷᠢᠭᠤ ᠠᠷᠭ᠎ᠠ ᠬᠡᠮᠵᠢᠶ᠎ᠡ ᠠᠪᠬᠤ ᠣᠷᠴᠢᠨ ᠢ ᠪᠦᠷᠢᠳᠦᠭᠦᠯᠬᠦ ᠱᠠᠭᠠᠷᠳᠠᠯᠭ᠎ᠠ ᠲᠠᠢ ᠶᠤᠮ᠃

ᠨᠡᠶᠢᠲᠡᠯᠡᠭᠰᠡᠨ᠄