ᠴᠠ᠊ ᠬᠥ᠊ ᠬᠠ᠊ ᠬᠣ᠊ ᠶᠠ᠊ ᠺᠢᠪᠧᠷ ᠠᠶᠤᠯ ᠦᠭᠡᠶ ᠪᠠᠶᠢᠳᠠᠯ ᠤᠨ ᠴᠢᠭᠯᠡᠯ ᠢᠶᠡᠷ ᠵᠠᠶᠢᠺᠠ ᠲᠠᠶ ᠬᠠᠮᠲᠤᠷᠠᠨ ᠠᠵᠢᠯᠯᠠᠨ᠎ᠠ


ᠴᠠᠬᠢᠮ ᠬᠥᠭᠵᠢᠯ᠂ ᠬᠠᠷᠢᠯᠴᠠᠭ᠎ᠠ ᠬᠣᠯᠪᠣᠭᠠᠨ ᠤ ᠰᠠᠶᠢᠳ ᠨ ∙ ᠤᠴᠠᠷᠠᠯ ᠥᠨᠥᠳᠥᠷ /᠒᠐᠒᠓.᠐᠑.᠑᠘/ ᠶᠠᠫᠣᠨ ᠤ ᠣᠯᠠᠨ ᠤᠯᠤᠰ ᠤᠨ ᠬᠠᠮᠲᠤ ᠶᠢᠨ ᠠᠵᠢᠯᠯᠠᠭᠠᠨ ᠤ ᠪᠠᠶᠢᠭᠤᠯᠤᠯᠭ᠎ᠠ/ᠵᠠᠢᠺᠠ/ ᠦᠨ ᠮᠣᠩᠭᠣᠯ ᠳᠠᠬᠢ ᠲᠥᠯᠥᠭᠡᠯᠡᠭᠴᠢ ᠶᠢᠨ ᠭᠠᠵᠠᠷ ᠤᠨ ᠳᠠᠷᠤᠭ᠎ᠠ ᠲᠠᠨᠠᠺᠠ ᠰᠢᠨᠢᠴᠢ ᠲᠡᠷᠢᠭᠦᠲᠡᠢ ᠲᠥᠯᠥᠭᠡᠯᠡᠭᠴᠢᠳ ᠲᠡᠢ ᠺᠢᠪᠧᠷ ᠠᠶᠤᠯ ᠦᠭᠡᠢ ᠪᠠᠶᠢᠳᠠᠯ ᠤᠨ ᠬᠠᠮᠲᠤ ᠶᠢᠨ ᠠᠵᠢᠯᠯᠠᠭᠠᠨ ᠤ ᠲᠠᠯ᠎ᠠ ᠪᠠᠷ ᠠᠭᠤᠯᠵᠠᠯ᠎ᠠ᠃

ᠠᠭᠤᠯᠵᠠᠯᠲᠠ ᠶᠢᠨ ᠡᠬᠢᠨ ᠳᠦ ᠲᠠᠯ᠎ᠠ ᠨᠤᠭᠤᠳ ᠮᠣᠩᠭᠣᠯ ᠤᠯᠤᠰ᠂ ᠶᠠᠫᠣᠨ ᠤᠯᠤᠰ ᠬᠣᠭᠣᠷᠣᠨᠳᠣ ᠳ᠋ᠢᠫᠯᠣᠮᠠᠲ ᠬᠠᠷᠢᠯᠴᠠᠭ᠎ᠠ ᠲᠣᠭᠲᠠᠭᠠᠭᠰᠠᠨ ᠤ ᠕᠐ ᠵᠢᠯ ᠦᠨ ᠣᠢ ᠶᠢ ᠶᠣᠰᠣᠯᠠᠯ ᠲᠡᠭᠦᠯᠳᠡᠷ ᠲᠡᠮᠳᠡᠭᠯᠡᠵᠦ ᠣᠯᠠᠨ ᠠᠷᠭ᠎ᠠ ᠬᠡᠮᠵᠢᠶ᠎ᠡ ᠠᠮᠵᠢᠯᠲᠠᠲᠠᠢ ᠵᠣᠬᠢᠶᠠᠨ ᠪᠠᠶᠢᠭᠤᠯᠤᠭᠳᠠᠭᠰᠠᠨ ᠢ ᠳᠤᠷᠠᠳᠤᠯ᠎ᠠ᠃ ᠲᠤᠬᠠᠶᠢᠯᠠᠪᠠᠯ 《ᠶᠠᠫᠣᠨ ᠳᠠᠬᠢ ᠬᠢᠮᠡᠯ ᠣᠶᠤᠨ ᠤᠬᠠᠭᠠᠨ ᠤ ᠰᠤᠳᠤᠯᠭᠠᠨ ᠤ ᠥᠨᠥ ᠶᠢᠨ ᠪᠠᠶᠢᠳᠠᠯ᠂ ᠬᠥᠭᠵᠢᠯ》 ᠰᠡᠳᠦᠪᠲᠦ ᠯᠧᠺᠼ᠂ ᠬᠡᠯᠡᠯᠴᠡᠭᠦᠯᠭᠡ ᠶᠢ ᠲᠠᠯ᠎ᠠ ᠨᠤᠭᠤᠳ ᠬᠠᠮᠲᠤᠷᠠᠨ ᠠᠮᠵᠢᠯᠲᠠᠲᠠᠢ ᠵᠣᠬᠢᠶᠠᠨ ᠪᠠᠶᠢᠭᠤᠯᠤᠭᠰᠠᠨ ᠢ ᠣᠨᠴᠠᠯᠠᠯ᠎ᠠ᠃

ᠵᠠᠢᠶᠺᠠ ᠨᠢ ᠴᠠᠬᠢᠮ ᠬᠥᠭᠵᠢᠯ᠂ ᠬᠠᠷᠢᠯᠴᠠᠭ᠎ᠠ ᠬᠣᠯᠪᠣᠭᠠᠨ ᠤ ᠶᠠᠮᠤ᠂ ᠰᠢᠨᠵᠢᠯᠡᠬᠦ ᠤᠬᠠᠭᠠᠨ ᠲᠧᠭᠨᠣᠯᠣᠭᠢ ᠶᠢᠨ ᠶᠡᠬᠡ ᠰᠤᠷᠭᠠᠭᠤᠯᠢ᠂ ᠤᠳᠤᠷᠢᠳᠤᠯᠭ᠎ᠠ ᠶᠢᠨ ᠠᠺᠠᠳᠧᠮᠢ ᠲᠠᠢ ᠬᠠᠮᠲᠤᠷᠠᠨ 《ᠺᠢᠪᠧᠷ ᠠᠶᠤᠯ ᠦᠭᠡᠢ ᠪᠠᠶᠢᠳᠠᠯ ᠤᠨ ᠬᠦᠮᠦᠨ ᠦ ᠨᠥᠭᠡᠴᠡ ᠶᠢ ᠬᠥᠭᠵᠢᠭᠦᠯᠬᠦ》 ᠲᠧᠭᠨᠢᠭ ᠦᠨ ᠬᠠᠮᠲᠤ ᠶᠢᠨ ᠠᠵᠢᠯᠯᠠᠭ᠎ᠠ ᠶᠢ ᠒᠐᠒᠒ ᠣᠨ ᠤ ᠑᠒ ᠰᠠᠷ᠎ᠠ ᠠᠴᠠ ᠒᠐᠒᠕ ᠣᠨ ᠤ ᠑᠒ ᠳ᠋ᠤᠭᠠᠷ ᠰᠠᠷ᠎ᠠ ᠶᠢᠨ ᠬᠣᠭᠣᠷᠣᠨᠳᠣ ᠬᠡᠷᠡᠭᠵᠢᠭᠦᠯᠬᠦ ᠪᠡᠷ ᠪᠣᠯᠤᠭᠰᠠᠨ᠃ ᠲᠥᠰᠦᠯ ᠦᠨ ᠬᠦᠷᠢᠶᠡᠨ ᠳᠦ ᠡᠨᠡ ᠣᠨ ᠤ ᠑ ᠳ᠋ᠦ᠋ᠭᠡᠷ ᠰᠠᠷ᠎ᠠ ᠠᠴᠠ ᠶᠠᠫᠣᠨ ᠲᠠᠯ᠎ᠠ ᠶᠢᠨ ᠮᠡᠷᠭᠡᠵᠢᠯᠲᠡᠨ ᠨᠦᠭᠦᠳ ᠢᠷᠡᠵᠦ ᠺᠠᠫᠢᠲ᠋ᠠᠯ ᠤᠨ ᠠᠬᠤᠢ ᠪᠦᠲᠦᠭᠡᠭᠳᠡᠬᠦᠨ ᠤᠨ ᠬᠠᠮᠲᠤ ᠶᠢᠨ ᠠᠵᠢᠯᠯᠠᠭ᠎ᠠ᠂ ᠲᠥᠷᠦ ᠶᠢᠨ ᠠᠯᠪᠠᠨ ᠬᠠᠭᠠᠭᠴᠢ ᠶᠢᠨ ᠺᠠᠫᠢᠲ᠋ᠠᠯ ᠤᠨ ᠠᠬᠤᠢ ᠪᠦᠲᠦᠭᠡᠭᠳᠡᠬᠦᠨ ᠤᠨ ᠮᠡᠳᠡᠯᠭᠡ ᠶᠢ ᠳᠡᠭᠡᠭᠰᠢᠯᠡᠭᠦᠯᠬᠦ ᠴᠢᠭᠯᠡᠯ ᠢᠶᠡᠷ ᠰᠠᠭᠤᠷᠢ ᠦᠨᠡᠯᠡᠭᠡ ᠬᠢᠵᠦ᠂ ᠰᠤᠷᠭᠠᠯᠲᠠ ᠶᠢᠨ ᠬᠥᠲᠦᠯᠪᠦᠷᠢ ᠶᠢ ᠨᠠᠷᠢᠪᠴᠢᠯᠠᠨ ᠪᠣᠯᠪᠠᠰᠤᠷᠠᠭᠤᠯᠬᠤ ᠪᠠᠷ ᠪᠡᠯᠡᠳᠬᠡᠵᠦ ᠪᠠᠶᠢᠭ᠎ᠠ ᠶᠤᠮ᠃

ᠲᠥᠰᠥᠯ ᠦᠨ ᠪᠠᠷᠢᠮᠲᠠ ᠪᠢᠴᠢᠭ ᠲᠦ ᠵᠢᠭᠠᠭᠰᠠᠨ ᠤ ᠳᠠᠭᠠᠤ ᠴᠠ᠊ ᠬᠥ᠊ ᠬᠠ᠊ ᠬᠣ᠊ ᠶᠠ᠊ ᠨᠢ ᠲᠥᠰᠥᠯ ᠢ ᠲᠣᠭᠲᠠᠮᠠᠯ ᠬᠤᠭᠤᠴᠠᠭᠠᠨ ᠳᠤ ᠬᠠᠷᠢᠭᠤᠴᠠᠨ ᠶᠠᠪᠤᠭᠤᠯᠬᠤ ᠠᠯᠪᠠᠨ ᠲᠤᠰᠢᠶᠠᠯᠲᠠᠨ ᠢ ᠲᠣᠮᠢᠯᠠᠬᠤ ᠪᠠᠷ ᠵᠢᠭᠠᠭᠰᠠᠨ᠃ ᠡᠨᠡ ᠬᠦᠷᠢᠶᠡᠨ ᠳᠦ ᠴᠠ᠊ ᠬᠥ᠊ ᠬᠠ᠊ ᠬᠣ᠊ ᠶᠠ᠊ ᠍ ᠢ ᠲᠥᠯᠦᠭᠡᠯᠡᠵᠦ ᠳᠡᠳ᠋ ᠰᠠᠶᠢᠳ ᠲᠥᠰᠥᠯ ᠦᠨ ᠵᠠᠬᠢᠷᠤᠯ ᠢᠶᠠᠷ᠂ ᠳᠡᠳ᠋ ᠳᠠᠷᠤᠭ᠎ᠠ ᠪᠠᠷ ᠺᠠᠫᠢᠲ᠋ᠠᠯ ᠤᠨ ᠠᠬᠤᠢ ᠪᠦᠲᠦᠭᠡᠭᠳᠡᠬᠦᠨ ᠶᠢᠨ ᠠᠰᠠᠭᠤᠳᠠᠯ ᠬᠠᠷᠢᠭᠤᠴᠠᠭᠰᠠᠨ ᠳᠠᠷᠤᠭ᠎ᠠ ᠠᠵᠢᠯᠯᠠᠬᠤ ᠪᠠᠷ ᠲᠣᠮᠢᠯᠠᠭᠰᠠᠨ᠃ ᠲᠥᠰᠦᠯ ᠬᠡᠷᠡᠭᠵᠢᠬᠦ ᠬᠤᠭᠤᠴᠠᠭᠠᠨ ᠳᠤ ᠮᠣᠩᠭᠣᠯ ᠤᠨ ᠲᠠᠯ᠎ᠠ ᠠᠴᠠ ᠰᠤᠷᠭᠠᠯᠲᠠ ᠵᠣᠬᠢᠶᠠᠨ ᠪᠠᠶᠢᠭᠤᠯᠬᠤ ᠥᠷᠦᠭᠡ ᠲᠠᠩᠬᠢᠮ ᠢᠶᠠᠷ ᠬᠠᠩᠭᠠᠬᠤ᠂ ᠲᠥᠰᠦᠯ ᠦᠨ ᠪᠠᠭ ᠪᠣᠯᠤᠨ ᠵ᠎ᠠᠺᠠ ᠶᠢᠨ ᠡᠺᠰᠫᠧᠷᠲᠦ ᠨᠦᠭᠦᠳ ᠢ ᠣᠹᠹᠢᠰ᠂ ᠪᠣᠯᠤᠨ ᠪᠤᠰᠤᠳ ᠲᠣᠨᠣᠭ ᠲᠥᠬᠦᠭᠡᠷᠦᠮᠵᠢ ᠪᠡᠷ ᠳᠡᠮᠵᠢᠯᠭᠡ ᠦᠵᠡᠭᠦᠯᠵᠦ ᠠᠵᠢᠯᠯᠠᠨ᠎ᠠ᠃

ᠴᠠ᠊ ᠬᠥ᠊ ᠬᠠ᠊ ᠬᠣ᠊ ᠤ ᠰᠠᠶᠢᠳ ᠨ ∙ ᠤᠴᠠᠷᠠᠯ᠂ ᠮᠠᠨ ᠤ ᠤᠯᠤᠰ ᠺᠢᠪᠧᠷ ᠠᠶᠤᠯ ᠦᠭᠡᠢ ᠪᠠᠶᠢᠳᠠᠯ ᠤᠨ ᠲᠤᠬᠠᠢ ᠬᠠᠤᠯᠢ ᠳᠤ ᠵᠢᠭᠠᠭᠰᠠᠨ ᠤ ᠳᠠᠭᠠᠤ ᠺᠢᠪᠧᠷ ᠬᠠᠯᠳᠠᠯᠭ᠎ᠠ ᠵᠥᠷᠢᠴᠡᠯ ᠲᠡᠢ ᠲᠡᠮᠡᠴᠡᠬᠦ ᠨᠡᠶᠢᠲᠡ ᠶᠢᠨ ᠲᠥᠪ ᠢ ᠪᠠᠶᠢᠭᠤᠯᠬᠤ ᠪᠠᠷ ᠠᠵᠢᠯᠯᠠᠵᠤ ᠪᠠᠶᠢᠨ᠎ᠠ᠃ ᠡᠨᠡ ᠴᠢᠭᠯᠡᠯ ᠢᠶᠡᠷ ᠶᠠᠫᠣᠨ ᠤᠯᠤᠰ ᠤᠨ ᠼ᠋ᠷᠲ ᠪᠠᠭ ᠤᠳ ᠲᠠᠢ ᠬᠣᠯᠪᠣᠭ᠎ᠠ ᠲᠣᠭᠲᠠᠭᠠᠬᠤ᠂ ᠶᠠᠫᠣᠨ ᠤᠯᠤᠰ ᠪᠣᠯᠤᠨ ᠪᠦᠰᠡ ᠨᠤᠲᠤᠭ ᠳ᠋ᠠᠬᠢ ᠺᠢᠪᠧᠷ ᠬᠠᠯᠳᠠᠯᠭ᠎ᠠ᠂ ᠵᠥᠷᠢᠴᠡᠯ ᠢ ᠵᠣᠬᠢᠴᠠᠭᠤᠯᠵᠤ ᠪᠤᠢ ᠰᠠᠶᠢᠨ ᠲᠤᠷᠰᠢᠯᠭ᠎ᠠ ᠶᠢ ᠮᠣᠩᠭᠣᠯ ᠤᠯᠤᠰ ᠲᠤ ᠨᠡᠪᠲᠡᠷᠡᠭᠦᠯᠬᠦ ᠪᠣᠯᠤᠮᠵᠢ ᠶᠢ ᠰᠤᠳᠤᠯᠬᠤ ᠴᠢᠭᠯᠡᠯ ᠢᠶᠡᠷ ᠳᠡᠮᠵᠢᠯᠭᠡ ᠦᠵᠡᠭᠦᠯᠬᠦ ᠶᠢ ᠬᠦᠰᠡᠵᠦ ᠪᠠᠶᠢᠨ᠎ᠠ᠃ ᠮᠥᠨ ᠺᠢᠪᠧᠷ ᠬᠠᠯᠳᠠᠯᠭ᠎ᠠ ᠵᠥᠷᠢᠴᠡᠯ ᠲᠡᠢ ᠲᠡᠮᠡᠴᠡᠬᠦ ᠪᠠᠭ ᠢ ᠪᠠᠶᠢᠭᠤᠯᠤᠭᠰᠠᠨ ᠤ ᠳᠠᠷᠠᠭ᠎ᠠ ᠣᠯᠠᠨ ᠤᠯᠤᠰ ᠤᠨ ᠬᠣᠯᠪᠣᠭ᠎ᠠ (FIRST.org; APCERT) ᠍ ᠲᠤ ᠪᠦᠷᠢᠳᠬᠡᠭᠦᠯᠬᠦ ᠳᠦ ᠪᠤᠰᠤᠳ ᠣᠷᠣᠨ ᠠᠴᠠ ᠳᠡᠮᠵᠢᠭᠰᠡᠨ ᠰᠠᠨᠠᠯ ᠠᠪᠬᠤ ᠱᠠᠭᠠᠷᠳᠠᠯᠭ᠎ᠠ ᠲᠠᠢ ᠪᠠᠶᠢᠳᠠᠭ ᠲᠠᠯ᠎ᠠ ᠪᠠᠷ ᠳᠤᠷᠠᠳᠴᠤ᠂ ᠡᠯ᠎ᠡ ᠠᠰᠠᠭᠤᠳᠠᠯ ᠢᠶᠠᠷ ᠶᠠᠫᠣᠨ ᠤᠯᠤᠰ ᠤᠨ ᠵᠦᠭ ᠡᠴᠡ ᠳᠡᠮᠵᠢᠯᠭᠡ ᠦᠵᠡᠭᠦᠯᠬᠦ ᠶᠢ ᠬᠦᠰᠡᠵᠦ ᠪᠠᠶᠢᠭ᠎ᠠ ᠪᠠᠨ ᠢᠯᠡᠷᠬᠡᠶᠢᠯᠡᠯ᠎ᠡ᠃

ᠶᠠᠫᠣᠨ ᠤ ᠣᠯᠠᠨ ᠤᠯᠤᠰ ᠤᠨ ᠬᠠᠮᠲᠤ ᠶᠢᠨ ᠠᠵᠢᠯᠯᠠᠭᠠᠨ ᠤ ᠪᠠᠶᠢᠭᠤᠯᠤᠯᠭ᠎ᠠ /ᠵᠠᠢᠶᠺᠠ / ᠍ ᠦᠨ ᠮᠣᠩᠭᠣᠯ ᠳᠠᠬᠢ ᠲᠥᠯᠥᠭᠡᠯᠡᠭᠴᠢ ᠶᠢᠨ ᠭᠠᠵᠠᠷ ᠤᠨ ᠳᠠᠷᠤᠭ᠎ᠠ ᠲᠠᠨᠠᠺᠠ ᠰᠢᠨᠢᠴᠢ ᠬᠠᠮᠲᠤ ᠶᠢᠨ ᠠᠵᠢᠯᠯᠠᠭ᠎ᠠ ᠶᠢ ᠰᠢᠨ᠎ᠡ ᠲᠦᠪᠰᠢᠨ ᠳᠦ ᠬᠦᠷᠭᠡᠬᠦ ᠡᠷᠡᠮᠡᠯᠵᠡᠯ ᠲᠡᠢ ᠪᠠᠶᠢᠭ᠎ᠠ ᠪᠠᠨ ᠢᠯᠡᠷᠬᠡᠶᠢᠯᠡᠵᠦ᠂ ᠡᠨᠡ ᠬᠦᠷᠢᠶᠡᠨ ᠳᠦ ᠺᠢᠪᠧᠷ ᠬᠠᠯᠳᠠᠯᠭ᠎ᠠ ᠵᠥᠷᠢᠴᠡᠯ ᠲᠡᠢ ᠲᠡᠮᠡᠴᠡᠬᠦ ᠨᠡᠶᠢᠲᠡ ᠶᠢᠨ ᠲᠥᠪ ᠢ ᠪᠠᠶᠢᠭᠤᠯᠬᠤ᠂ ᠬᠠᠷᠢᠯᠴᠠᠨ ᠮᠡᠳᠡᠭᠡᠯᠡᠯ ᠰᠣᠯᠢᠯᠴᠠᠵᠤ᠂ ᠬᠠᠮᠲᠤᠷᠠᠨ ᠠᠵᠢᠯᠯᠠᠬᠤ ᠳᠤ ᠪᠡᠯᠡᠨ ᠭᠡᠳᠡᠭ ᠢᠶᠡᠨ ᠢᠯᠡᠷᠬᠡᠶᠢᠯᠡᠭᠰᠡᠨ ᠶᠤᠮ᠃
ᠮᠥᠨ ᠴᠠ᠊ ᠬᠥ᠊ ᠬᠠ᠊ ᠬᠣ᠊ ᠶᠠ᠊ ᠍ ᠤ ᠵᠦᠭ ᠡᠴᠡ ᠬᠠᠮᠲᠤ ᠶᠢᠨ ᠠᠵᠢᠯᠯᠠᠭ᠎ᠠ ᠶᠢ ᠰᠢᠨ᠎ᠡ ᠲᠦᠪᠰᠢᠨ ᠳᠦ ᠬᠦᠷᠭᠡᠬᠦ ᠡᠷᠡᠮᠡᠯᠵᠡᠯ ᠲᠡᠢ ᠪᠠᠶᠢᠭ᠎ᠠ ᠶᠢ ᠢᠯᠡᠷᠬᠡᠶᠢᠯᠡᠵᠦ᠂ ᠡᠨᠡ ᠬᠦᠷᠢᠶᠡᠨ ᠳᠦ ᠶᠠᠫᠣᠨ ᠤ ᠶᠡᠬᠡ ᠳᠡᠭᠡᠳᠦ ᠰᠤᠷᠭᠠᠭᠤᠯᠢ ᠨᠤᠭᠤᠳ ᠲᠤ ᠺᠢᠪᠧᠷ ᠠᠶᠤᠯ ᠦᠭᠡᠢ ᠪᠠᠶᠢᠳᠠᠯ᠂ ᠬᠢᠮᠡᠯ ᠣᠶᠤᠨ ᠤᠬᠠᠭᠠᠨ᠂ ᠷᠣᠪᠣ ᠳᠤ ᠬᠥᠭᠵᠢᠭᠦᠯᠦᠯᠲᠡ᠂ ᠠᠦ᠋ᠲ᠋ᠣᠮᠠᠲᠵᠢᠭᠤᠯᠤᠯᠲᠠ ᠵᠡᠷᠭᠡ ᠴᠢᠭᠯᠡᠯ ᠢᠶᠡᠷ ᠮᠣᠩᠭᠣᠯ ᠤᠯᠤᠰ ᠤᠨ ᠬᠠᠮ ᠢᠶᠠᠷ ᠬᠢ ᠰᠠᠯᠪᠤᠷᠢ ᠶᠢᠨ ᠠᠯᠪᠠᠨ ᠬᠠᠭᠠᠭᠴᠢᠳ ᠲᠤ ᠡᠷᠳᠡᠮ ᠦᠨ ᠵᠡᠷᠭᠡ (ᠮᠠᠭᠢᠰᠲ᠋ᠷ᠂ ᠳ᠋ᠣᠺᠲ᠋ᠣᠷ) ᠣᠯᠭᠤᠬᠤ ᠬᠥᠲᠦᠯᠪᠦᠷᠢ ᠶᠢ ᠬᠡᠷᠡᠭᠵᠢᠭᠦᠯᠬᠦ ᠪᠣᠯᠤᠮᠵᠢ ᠶᠢ ᠰᠤᠳᠤᠯᠬᠤ ᠠᠰᠠᠭᠤᠳᠠᠯ ᠢᠶᠠᠷ ᠬᠠᠮᠲᠤᠷᠠᠨ ᠠᠵᠢᠯᠯᠠᠬᠤ ᠰᠠᠨᠠᠯ ᠲᠠᠯᠪᠢᠯ᠎ᠠ᠃

ᠨᠡᠶᠢᠲᠡᠯᠡᠭᠰᠡᠨ᠄