ᠥᠷᠭᠡᠨ ᠨᠡᠪᠲᠡᠷᠡᠭᠦᠯᠭᠡ ᠶᠢᠨ ᠦᠢᠯᠡᠴᠢᠯᠡᠭᠡ ᠡᠷᠬᠢᠯᠡᠭᠴᠢᠳ ᠲᠦ ᠲᠤᠯᠭᠠᠮᠳᠠᠵᠤ ᠪᠤᠢ ᠠᠰᠠᠭᠤᠳᠠᠯ ᠥᠨᠥ ᠶᠢᠨ ᠪᠠᠶᠢᠳᠠᠯ》 ᠰᠡᠳᠦᠪᠲᠦ ᠬᠡᠯᠡᠯᠴᠡᠭᠦᠯᠭᠡ ᠵᠣᠬᠢᠶᠠᠨ ᠪᠠᠶᠢᠭᠤᠯᠤᠭᠳᠠᠵᠤ ᠪᠠᠶᠢᠨ᠎ᠠ


ᠤᠭ ᠬᠡᠯᠡᠯᠴᠡᠭᠦᠯᠭᠡ ᠳᠦ ᠮᠣᠩᠭᠣᠯ ᠤᠨ ᠲᠧᠯᠧᠸᠢᠰ ᠦᠳ ᠦᠨ ᠬᠣᠯᠪᠣᠭ᠎ᠠ᠂ ᠮᠣᠩᠭᠣᠯ ᠤᠨ ᠠᠷᠠᠯᠵᠢᠶᠠᠨ ᠤ ᠲᠧᠯᠧᠸᠢᠰ ᠦᠳ ᠦᠨ 《ᠳᠠᠭᠤᠨ》 ᠬᠣᠯᠪᠣᠭ᠎ᠠ᠂ ᠣᠷᠣᠨ ᠨᠤᠲᠤᠭ ᠤᠨ ᠲᠧᠯᠧᠸᠢᠰ ᠦᠳ ᠦᠨ 《ᠭᠠᠯ ᠬᠥᠭᠵᠢᠯ》 ᠬᠣᠯᠪᠣᠭ᠎ᠠ᠂ ᠮᠣᠩᠭᠣᠯ ᠤᠨ ᠣᠯᠠᠨ ᠰᠤᠪᠠᠭ ᠳᠠᠮᠵᠢᠭᠤᠯᠤᠭᠴᠢᠳ ᠤᠨ ᠬᠣᠯᠪᠣᠭ᠎ᠠ᠂ ᠮᠣᠩᠭᠣᠯ ᠤᠨ ФМ ᠷᠠᠳᠢᠣ᠋ ᠍ ᠶᠢᠨ ᠨᠢᠭᠡᠳᠦᠭᠰᠡᠨ ᠬᠣᠯᠪᠣᠭᠠᠨ ᠤ ᠲᠥᠯᠥᠭᠡᠯᠡᠯ ᠪᠣᠯᠤᠨ ᠲᠤᠰ ᠬᠣᠯᠪᠣᠭᠠᠳ ᠤᠨ ᠭᠡᠰᠢᠭᠦᠨ ᠪᠠᠶᠢᠭᠤᠯᠤᠯᠭ᠎ᠠ ᠨᠤᠭᠤᠳ ᠤᠨ ᠲᠥᠯᠥᠭᠡᠯᠡᠯ ᠦᠳ ᠣᠷᠣᠯᠴᠠᠵᠤ ᠥᠷᠭᠡᠨ ᠨᠡᠪᠲᠡᠷᠡᠭᠦᠯᠭᠡ ᠶᠢᠨ ᠲᠤᠬᠠᠢ ᠬᠠᠤᠯᠢ ᠶᠢᠨ ᠬᠡᠷᠡᠭᠵᠢᠯᠲᠡ ᠶᠢᠨ ᠪᠠᠶᠢᠳᠠᠯ᠂ ᠥᠷᠭᠡᠨ ᠨᠡᠪᠲᠡᠷᠡᠭᠦᠯᠭᠡ ᠶᠢᠨ ᠲᠧᠯᠧᠸᠢᠰ ᠦᠨ ᠴᠢᠭ ᠡᠭᠦᠷᠭᠡ᠂ ᠪᠢᠽᠢᠨ᠋ᠧᠰ ᠬᠠᠤᠯᠢ ᠡᠷᠬᠡ ᠵᠦᠢ ᠶᠢᠨ ᠣᠷᠴᠢᠨ᠂ ᠠᠷᠠᠯᠵᠢᠶᠠᠨ ᠤ ᠲᠧᠯᠧᠸᠢᠰ ᠦᠳ ᠲᠦ ᠲᠤᠯᠭᠠᠮᠳᠠᠵᠤ ᠪᠤᠢ ᠠᠰᠠᠭᠤᠳᠠᠯ ᠵᠡᠷᠭᠡ ᠰᠡᠳᠦᠪ ᠦᠳ ᠢᠶᠡᠷ ᠰᠠᠨᠠᠯ ᠰᠣᠯᠢᠯᠴᠠᠵᠤ᠂ ᠦᠵᠡᠯ ᠪᠣᠳᠣᠯ᠂ ᠪᠠᠶᠢᠷᠢ ᠰᠠᠭᠤᠷᠢ ᠪᠠᠨ ᠢᠯᠡᠷᠬᠡᠶᠢᠯᠡᠯ᠎ᠡ᠃

ᠼᠠ᠊ ᠬᠥ᠊ ᠬᠠ᠊ ᠬᠣ᠊ ᠶᠠ᠊- ᠍ ᠤ ᠳᠡᠷᠭᠡᠳᠡ ᠴᠠᠬᠢᠮ ᠬᠥᠭᠵᠢᠯ ᠬᠠᠷᠢᠯᠴᠠᠭ᠎ᠠ ᠬᠣᠯᠪᠣᠭᠠᠨ ᠤ ᠰᠠᠶᠢᠳ ᠤᠨ ᠲᠤᠰᠢᠶᠠᠯ ᠢᠶᠠᠷ 《ᠥᠷᠭᠡᠨ ᠨᠡᠪᠲᠡᠷᠡᠭᠦᠯᠭᠡ ᠶᠢᠨ ᠬᠠᠤᠯᠢ》 ᠍ ᠳᠦ ᠤᠷᠤᠭᠤᠯᠬᠤ ᠨᠡᠮᠡᠯᠲᠡ ᠥᠭᠡᠷᠡᠴᠢᠯᠡᠯᠲᠡ ᠶᠢ ᠪᠣᠯᠪᠠᠰᠤᠷᠠᠭᠤᠯᠬᠤ ᠠᠵᠢᠯ ᠤᠨ ᠬᠡᠰᠡᠭ ᠪᠠᠶᠢᠭᠤᠯᠤᠭᠳᠠᠭᠰᠠᠨ ᠪᠥᠭᠡᠳ ᠲᠤᠰ ᠠᠵᠢᠯ ᠤᠨ ᠬᠡᠰᠡᠭ ᠢ ᠳᠡᠳ᠋ ᠰᠠᠶᠢᠳ ᠵ ∙ ᠡᠷᠬᠢᠮᠪᠠᠭᠠᠲᠤᠷ ᠠᠬᠠᠯᠠᠨ ᠠᠵᠢᠯᠯᠠᠵᠤ ᠪᠠᠶᠢᠨ᠎ᠠ᠃

ᠨᠡᠶᠢᠲᠡᠯᠡᠭᠰᠡᠨ᠄